ᠢᠨᠳᠡᠷ ᠪᠠᠯᠭᠠᠰᠤ ᠰᠤᠷᠭᠠᠨ ᠬᠥᠮᠦᠵᠢᠯ ᠤᠨ ᠬᠦᠷᠢᠶᠡᠨ ᠳᠠᠬᠢ ᠰᠤᠯᠠ ᠪᠠᠶᠢᠭ᠎ᠠ ᠳᠤᠭᠳᠠᠮᠠᠯ ᠬᠥᠷᠥᠩᠭᠡ ᠶᠢ ᠵᠦᠢ ᠵᠤᠬᠢᠰᠳᠠᠢ ᠰᠢᠢᠳᠪᠤᠷᠢᠯᠡᠵᠦ ᠪᠤᠢ
ᠨᠡᠶᠢᠲᠡᠯᠡᠭᠰᠡᠨ ᠴᠠᠭ᠄
2024/5/10
       ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠰᠤᠯᠠ ᠪᠠᠶᠢᠭ᠎ᠠ ᠰᠤᠷᠭᠠᠨ ᠬᠥᠮᠦᠵᠢᠯ ᠤᠨ ᠬᠦᠷᠢᠶᠡᠨ ᠳᠠᠬᠢ ᠳᠤᠭᠳᠠᠮᠠᠯ ᠬᠥᠷᠥᠩᠭᠡ ᠶᠢ ᠵᠦᠶ ᠵᠣᠬᠢᠰᠲᠠᠶ ᠠᠰᠢᠭᠯᠠᠬᠤ ᠪᠠ ᠰᠢᠢᠳᠪᠤᠷᠢᠯᠡᠬᠦ ᠶᠢᠨ ᠲᠦᠯᠦᠭᠡ᠂ 5 ᠰᠠᠷ᠎ᠠ ᠶᠢᠨ 7 ᠤ ᠡᠳᠦᠷ᠂ ᠵᠠᠯᠠᠶᠢᠳ ᠬᠤᠰᠢᠭᠤᠨ ᠤ ᠢᠨᠳᠡᠷ ᠪᠠᠯᠭᠠᠰᠤ ᠠᠵᠢᠯᠯᠠᠬᠤ ᠳᠤᠭᠤᠶᠢᠯᠠᠩ ᠪᠠᠶᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ  ᠳᠠᠬᠢ ᠰᠤᠯᠠ ᠪᠠᠶᠢᠭ᠎ᠠ ᠲᠣᠭᠲᠠᠮᠠᠯ ᠬᠥᠷᠥᠩᠭᠡ ᠳᠤ ᠴᠢᠭᠯᠡᠭᠦᠯᠦᠭᠰᠡᠨ ᠨᠤᠷᠠᠬᠤ ᠠᠶᠤᠯᠲᠠᠶ ᠬᠡᠷ ᠪᠠᠶᠢᠰᠢᠩ ᠢ ᠨᠤᠷᠠᠭᠠᠬᠤ ᠠᠵᠢᠯ ᠢ ᠬᠢᠨᠠᠨ ᠲᠣᠭᠲᠠᠭᠠᠬᠤ ᠠᠵᠢᠯ ᠢ ᠡᠬᠢᠯᠡᠭᠦᠯᠪᠡ᠃    ᠠᠵᠢᠯᠯᠠᠬᠤ ᠳᠤᠭᠤᠶᠢᠯᠠᠩ ᠡᠩ ᠲᠡᠷᠢᠭᠦᠨ ᠳᠤ ᠪᠥᠬᠦ ᠪᠠᠯᠭᠠᠰᠤᠨ ᠤ ᠰᠤᠷᠭᠠᠨ ᠬᠥᠮᠦᠵᠢᠯ ᠤᠨ ᠳᠤᠭᠳᠠᠮᠠᠯ ᠬᠥᠷᠥᠩᠭᠡ ᠳᠤ ᠨᠠᠷᠢᠨ ᠨᠢᠭᠲᠠ ᠪᠠᠶᠢᠴᠠᠭᠠᠯᠲᠠ ᠪᠠ ᠳᠡᠩᠰᠡᠯᠡᠯᠲᠡ ᠬᠢᠵᠡᠶ᠂ ᠡᠭᠦᠨ ᠳᠤ ᠰᠤᠷᠭᠠᠭᠤᠯᠢ ᠶᠢᠨ ᠪᠠᠶᠢᠷᠢ ᠶᠢᠨ ᠬᠡᠷᠡᠭᠯᠡᠯᠲᠡ ᠶᠢᠨ ᠪᠠᠶᠢᠳᠠᠯ᠂ ᠪᠠᠷᠢᠯᠭ᠎ᠠ ᠶᠢᠨ ᠪᠦᠲᠦᠴᠡ ᠪᠠ ᠲᠠᠯᠠᠪᠠᠶ ᠵᠡᠷᠭᠡ ᠪᠠᠭᠲᠠᠨ᠎ᠠ᠃ ᠡᠭᠦᠨ ᠤ ᠳᠠᠷᠠᠭ᠎ᠠ᠂ ᠪᠠᠷᠢᠯᠭ᠎ᠠ ᠶᠢᠨ ᠦᠨᠡᠯᠡᠨ ᠵᠢᠱᠢᠬᠦ ᠲᠤᠰᠬᠠᠶ ᠪᠦᠯᠬᠦᠮ ᠣᠷᠣᠵᠤ ᠰᠠᠭᠤᠭᠠᠳ ᠨᠤᠷᠠᠬᠤ ᠠᠶᠤᠯᠲᠠᠶ ᠬᠡᠷ ᠪᠠᠶᠢᠰᠢᠩ ᠳᠤ ᠴᠢᠩᠭ᠎ᠠ ᠨᠢᠮᠪᠠᠶ ᠠᠶᠤᠯᠭᠦᠶ ᠶᠢᠨ ᠬᠢᠨᠠᠨ ᠲᠣᠭᠲᠠᠭᠠᠯᠲᠠ ᠬᠢᠭᠰᠡᠨ ᠪᠠᠶᠢᠨ᠎ᠠ᠃    ᠬᠢᠨᠠᠨ ᠲᠣᠭᠲᠠᠭᠠᠬᠤ ᠶᠠᠪᠤᠴᠠ ᠳᠤ᠂ ᠦᠨᠡᠯᠡᠨ ᠵᠢᠱᠢᠬᠦ ᠪᠦᠯᠬᠦᠮ ᠨᠢ ᠲᠡᠷᠢᠭᠦᠨ ᠤ ᠪᠠᠶᠢᠴᠠᠭᠠᠨ ᠰᠢᠯᠭᠠᠬᠤ ᠲᠥᠬᠦᠭᠡᠷᠦᠮᠵᠢ ᠪᠠ ᠮᠡᠷᠭᠡᠵᠢᠯ ᠢ ᠬᠡᠷᠡᠭᠯᠡᠵᠦ᠂ ᠪᠠᠷᠢᠯᠭ᠎ᠠ ᠶᠢᠨ ᠪᠦᠲᠦᠴᠡ ᠶᠢᠨ ᠲᠣᠭᠲᠠᠪᠤᠷᠢᠲᠤ ᠴᠢᠨᠠᠷ᠂ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠬᠢ᠂ ᠬᠡᠷᠡᠭᠯᠡᠬᠦ ᠵᠢᠯ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠭᠰᠡᠨ ᠪᠠᠶᠢᠨ᠎ᠠ᠃ ᠡᠭᠦᠨ ᠤ ᠬᠠᠮᠲᠤ ᠵᠤᠬᠢᠰᠳᠠᠢ ᠰᠢᠢᠳᠪᠤᠷᠢᠯᠡᠬᠦ ᠰᠠᠨᠠᠭᠤᠯᠭ᠎ᠠ ᠳᠤᠷᠠᠳᠴᠠᠢ᠃    ᠡᠭᠦᠨ ᠠᠴᠠ ᠭᠠᠳᠠᠨ᠎ᠠ᠂ ᠠᠵᠢᠯᠯᠠᠬᠤ ᠳᠤᠭᠤᠶᠢᠯᠠᠩ ᠪᠠᠰᠠ ᠨᠤᠷᠠᠭᠠᠬᠤ ᠠᠵᠢᠯ ᠤᠨ ᠨᠡᠶᠢᠭᠡᠮ ᠤᠨ ᠨᠥᠯᠥᠭᠡ ᠶᠢ ᠦᠨᠡᠯᠡᠨ ᠵᠢᠱᠢᠵᠦ᠂ ᠨᠤᠷᠠᠭᠠᠬᠤ ᠠᠵᠢᠯᠯᠠᠭ᠎ᠠ ᠨᠢ ᠲᠤᠬᠠᠶ ᠶᠢᠨ ᠭᠠᠵᠠᠷ ᠤᠨ ᠣᠯᠠᠨ ᠲᠦᠮᠡᠨ ᠤ ᠬᠡᠪ ᠤᠨ ᠠᠮᠢᠳᠤᠷᠠᠯ ᠢ ᠬᠠᠷᠰᠢᠯᠠᠬᠤ ᠦᠭᠡᠶ ᠪᠠᠶᠢᠬᠤ ᠶᠢ  ᠦᠨᠡᠨ ᠬᠦ ᠪᠠᠲᠤᠯᠠᠬᠤ ᠪᠣᠯᠤᠨ᠎ᠠ᠃ ᠨᠤᠷᠠᠭᠠᠬᠤ ᠪᠦᠬᠦ᠋ᠢᠯᠡ ᠶᠠᠪᠤᠴᠠ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠵᠢᠯ ᠤᠨ ᠢᠯᠡ ᠲᠣᠳᠣ᠂ ᠲᠥᠪ ᠭᠤᠣᠯᠴᠢ ᠪᠠ ᠢᠯᠡ ᠪᠤᠯᠭᠠᠬᠤ ᠶᠢ ᠦᠨᠡᠨ ᠬᠦ ᠪᠠᠲᠤᠯᠠᠬᠤ ᠪᠤᠯᠤᠨ᠎ᠠ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号