ᠬᠤᠯᠪᠣᠭ᠎ᠠ ᠪᠠᠯᠭᠠᠰᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠴᠢ ᠬᠤᠯᠪᠣᠭ᠎ᠠ ᠪᠠᠯᠭᠠᠰᠤᠨ ᠤ ᠺᠠᠳ᠋ᠷ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠡᠢ
ᠨᠡᠶᠢᠲᠡᠯᠡᠭᠰᠡᠨ ᠴᠠᠭ᠄
2024/5/10
     ᠬᠤᠯᠪᠣᠭ᠎ᠠ ᠪᠠᠯᠭᠠᠰᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 7 ᠤ ᠡᠳᠦᠷ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠴᠢ ᠬᠤᠯᠪᠣᠭ᠎ᠠ ᠪᠠᠯᠭᠠᠰᠤᠨ ᠤ ᠺᠠᠳ᠋ᠷ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠪᠠ᠃ ᠨᠠᠮ ᠵᠠᠰᠠᠭ ᠤᠨ ᠤᠳᠤᠷᠢᠳᠬᠤ ᠪᠠᠭ ᠤᠨ ᠪᠦᠬᠦ ᠪᠦᠷᠢᠯᠳᠦᠬᠦᠨ᠂ ᠪᠠᠯᠭᠠᠰᠤᠨ ᠤ ᠪᠠᠶᠢᠭᠤᠯᠭ᠎ᠠ ᠶᠢᠨ ᠪᠦᠬᠦ ᠺᠠᠳ᠋ᠷ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠰᠢᠭᠦᠨ ᠵᠠᠩ ᠹᠠᠨ 4 ᠳ᠋ᠣᠭᠡᠷ ᠰᠠᠷ᠎ᠠ ᠠᠴᠠ ᠨᠠᠰᠢᠬᠢ ᠰᠤᠭᠤᠴᠢᠨ ᠪᠠᠶᠢᠴᠠᠭᠠᠭᠰᠠᠨ ᠺᠠᠳ᠋ᠷ ᠤᠨ ᠠᠵᠢᠯ ᠤᠨ ᠪᠠᠶᠢᠷᠢ ᠶᠢᠨ ᠪᠠᠶᠢᠳᠠᠯ ᠢ ᠵᠠᠷᠯᠠᠨ ᠮᠡᠳᠡᠭᠳᠡᠵᠦ ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠲᠠᠩ ᠽᠢ ᠵᠢᠶᠠᠨ ︽2024 ᠣᠨ ᠤ ᠬᠤᠯᠪᠣᠭ᠎ᠠ ᠪᠠᠯᠭᠠᠰᠤᠨ ᠤ ᠺᠠᠳ᠋ᠷ ᠤᠨ ︿ᠤᠷᠳᠤᠷᠢᠭ ᠥᠷᠭᠡᠷᠢᠭ﹀ ᠤᠨ ᠬᠢᠨᠠᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ︾ ᠶᠢ ᠨᠠᠷᠢᠨ ᠲᠠᠶᠢᠯᠪᠤᠷᠢᠯᠠᠵᠤ᠂ ᠪᠦᠬᠦ ᠪᠠᠯᠭᠠᠰᠤᠨ ᠤ ᠺᠠᠳ᠋ᠷ ᠢ ᠠᠵᠢᠯ ᠤᠨ ᠰᠠᠬᠢᠯᠭ᠎ᠠ ᠪᠠᠲᠤ ᠪᠠᠨ ᠴᠢᠩᠳᠠᠯᠠᠵᠤ᠂ ᠨᠠᠵᠠᠭᠠᠢ ᠪᠠᠷ ᠠᠷᠭᠠᠴᠠᠭᠠᠬᠤ ᠰᠤᠷᠲᠠᠯ ᠢ ᠡᠷᠡᠰ ᠲᠠᠶᠠᠭᠳᠠᠬᠤ ᠬᠡᠷᠡᠭᠲᠡᠢ ᠭᠡᠵᠦ ᠱᠠᠭᠠᠷᠳᠠᠪᠠ᠃   ᠳᠠᠷᠠᠭ᠎ᠠ ᠳᠤᠨᠢ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠦ ᠶᠦᠩ ᠽᠧ ᠨᠥᠬᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠰᠡᠳᠬᠢᠯ ᠵᠢᠷᠦᠬᠡᠨ ᠳᠡᠭᠡᠨ ᠨᠠᠮ ᠢ ᠪᠠᠭᠲᠠᠭᠠᠵᠤ᠂ ᠢᠲᠡᠭᠡᠯ ᠪᠠᠲᠤ ᠪᠠᠶᠢᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠲᠠᠯ᠎ᠠ ᠪᠠᠷ ᠬᠡᠪ ᠳᠠᠭᠤᠷᠢᠶᠠᠯ  ᠪᠣᠯᠬᠤ ᠬᠡᠷᠡᠭᠲᠡᠢ ᠭᠡᠵᠡᠢ᠃    ᠬᠤᠷᠠᠯ ᠠᠴᠠ᠂ ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠴᠢ ᠬᠤᠯᠪᠣᠭᠳᠠᠯ ᠪᠠ ᠬᠠᠷᠠᠯᠲᠠ ᠡᠭᠦᠷᠭᠡ ᠶᠢ ᠭᠦᠨᠵᠡᠭᠡᠢ ᠲᠠᠨᠢᠨ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠤᠶᠠᠷ ᠲᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠦᠬᠦ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠠᠵᠤ ᠠᠬᠤᠢ ᠵᠢᠭᠤᠯᠴᠢᠯᠠᠯ ᠢ ᠠᠭᠤᠰᠤᠯᠴᠠᠭᠤᠯᠬᠤ᠂ ᠪᠦᠬᠦ ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠬᠦ ᠪᠠᠯᠭᠠᠰᠤᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠯ᠎ᠠ ᠪᠠᠷ ᠨᠡᠩ ᠴᠢᠩᠭ᠎ᠠ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠭᠤᠷᠪᠠ ᠳᠤ᠂ ᠠᠷᠢᠭᠤᠨ ᠴᠢᠬᠡᠴᠢ ᠲᠥᠪ ᠰᠤᠷᠲᠠᠯ ᠢ ᠡᠷᠬᠢᠮᠯᠡᠵᠦ᠂ ᠺᠠᠳ᠋ᠷᠴᠤᠳ ᠤᠨ ︽ᠤᠷᠳᠤᠷᠢᠭ ᠥᠷᠭᠡᠷᠢᠭ︾ ᠤᠨ ᠬᠢᠨᠠᠨ ᠰᠢᠯᠭᠠᠬᠤ ᠠᠷᠭ᠎ᠠ ᠶᠢ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号