| ︽ᠪᠤᠰᠢᠭᠤ ᠦᠵᠡ᠂ ᠲᠣᠰᠬᠤᠨ ᠤ ᠺᠠᠳ᠋ᠷ ᠪᠢᠳᠡᠨ ᠳᠤ ᠬᠤᠳᠳᠤᠭ ᠮᠠᠯᠲᠠᠵᠤ ᠥᠭᠬᠦ ᠪᠠᠷ ᠢᠷᠡᠯ᠎ᠡ︕︾ ︽ | ᠮᠠᠰᠢ ᠰᠠᠶᠢᠨ ᠪᠣᠯᠤᠯ᠎ᠠ᠂ ᠤᠰᠤ ᠵᠠᠷᠤᠬᠤ ᠶᠢᠨ ᠲᠥᠯᠥᠭᠡ ᠵᠣᠪᠠᠭ᠋ᠤ ᠬᠡᠷᠡᠭ ᠦᠭᠡᠶ ᠪᠤᠯᠵᠠᠢ᠂ ᠲᠣᠰᠬᠤᠨ ᠤ ᠨᠠᠮ ᠤᠨ | ᠡᠭᠦᠷ ᠲᠤ ᠲᠠᠯᠠᠷᠬᠠᠬᠤ ᠶᠣᠰᠣᠲᠠᠶ ᠰᠢᠤ︕︾ ᠭᠡᠵᠦ ᠣᠶᠢᠷ᠎ᠠ ᠳᠤ᠂ ᠬᠤᠳᠳᠤᠭ ᠮᠠᠯᠲᠠᠬᠤ᠂ ᠤᠰᠤ | ᠨᠡᠪᠲᠡᠷᠡᠭᠦᠯᠬᠦ ᠨᠢ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠰᠢᠶᠤᠤ ᠴᠧᠩ ᠽᠢ ᠲᠣᠰᠬᠤᠨ ᠤ ᠠᠷᠠᠳ ᠤᠨ | ᠬᠥᠭᠵᠢᠶᠡᠨᠲᠡᠶ ᠶᠠᠷᠢᠯᠴᠠᠬᠤ ᠰᠡᠳᠦᠪ ᠪᠣᠯᠵᠠᠶ᠃ | ᠣᠳᠣᠬᠠᠨ ᠳᠤ᠂ ᠬᠤᠳᠳᠤᠭ ᠮᠠᠯᠲᠠᠵᠤ ᠣᠣᠭᠤᠬᠤ ᠤᠰᠤᠨ ᠤ ᠠᠰᠠᠭᠤᠳᠠᠯ ᠢ ᠰᠢᠢᠳᠪᠤᠷᠢᠯᠡᠬᠦ ᠨᠢ ᠰᠢᠶᠤᠤ | ᠴᠧᠩ ᠽᠢ ᠲᠣᠰᠬᠤᠨ ᠤ ᠠᠷᠠᠳ ᠤᠨ ᠰᠡᠳᠬᠢᠯ ᠲᠠᠯᠪᠢᠵᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠪᠣᠯᠵᠤ | ᠂ ᠰᠢᠶᠤᠤ ᠴᠧᠩ ᠽᠢ ᠲᠣᠰᠬᠤᠨ ᠤ ᠠᠷᠠᠳ ᠤᠨ ᠤᠰᠤ ᠬᠡᠷᠡᠭᠯᠡᠬᠦ ᠳᠤ ᠬᠦᠴᠢᠷ ᠠᠰᠠᠭᠤᠳᠠᠯ ᠢ ᠰᠢᠢᠳᠪᠤᠷᠢᠯᠡᠨ᠂ | ᠤᠳᠤ ᠶᠢᠨ ᠲᠠᠷᠢᠶᠠᠯᠠᠩ ᠤᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠰᠢᠶᠤᠤ ᠴᠧᠩ ᠽᠢ | ᠲᠣᠰᠬᠤᠨ ᠤ ᠨᠠᠮ ᠤᠨ ᠡᠭᠦᠷ ᠠᠴᠠ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠬᠠᠷᠢᠯᠴᠠᠬᠤ ᠶᠢᠨ ᠬᠠᠮᠲᠤ ᠬᠤᠳᠳᠤᠭ ᠮᠠᠯᠲᠠᠬᠤ ᠡᠯ᠎ᠡ ᠵᠦᠢᠯ ᠤᠨ | ᠤᠴᠢᠷ ᠶᠠᠪᠤᠳᠠᠯ ᠢ ᠨᠠᠷᠢᠨ ᠬᠢᠨᠠᠮᠠᠭᠠᠶ ᠲᠥᠯᠥᠪᠯᠡᠵᠦ᠂ ᠲᠣᠰᠬᠤᠨ ᠤ ᠠᠷᠠᠳ ᠤᠨ ᠡᠨᠡ ᠬᠦ ︽ᠪᠠᠴᠢᠮᠳᠠᠵᠤ | ᠲᠦᠪᠡᠭᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠤᠷᠢᠯᠡᠵᠦ ᠥᠭᠴᠡᠶ᠃ | ᠣᠶᠢᠯᠠᠭᠠᠭᠰᠠᠨ ᠢᠶᠠᠷ᠂ ᠰᠢᠶᠤᠤ ᠴᠧᠩ ᠽᠢ ᠲᠣᠰᠬᠤᠨ ᠳᠤ 485 ᠡᠷᠦᠬᠡ ᠪᠠᠶᠢᠩᠭᠤ ᠰᠠᠭᠤᠭ᠎ᠠ ᠬᠥᠮᠦᠨ | ᠠᠮᠠ ᠲᠠᠢ᠂ ᠡᠨᠡ ᠬᠠᠪᠤᠷ ᠪᠣᠷᠣᠭᠠᠨ ᠤᠷᠤᠭ᠎ᠠ ᠥᠬᠡᠶ ᠪᠤᠯᠬᠤᠷ᠂ ᠭᠠᠵᠠᠷ ᠳᠣᠤᠷᠠᠬᠢ ᠤᠰᠤᠨ ᠤ ᠲᠦᠪᠰᠢᠨ | ᠦᠷᠭᠦᠯᠵᠢᠯᠡᠨ ᠳᠣᠷᠣᠭᠰᠢᠯᠠᠵᠤ᠂ ᠪᠤᠯᠠᠭ ᠤᠨ ᠤᠰᠤ ᠳᠡᠳᠠᠷᠠᠵᠤ᠂ ᠲᠣᠰᠬᠤᠨ ᠤ ᠠᠷᠠᠳ ᠤᠨ ᠡᠳᠦᠷ ᠲᠤᠲᠤᠮ ᠤᠨ | ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠤᠯᠤᠭᠠᠳ ᠬᠤᠳᠳᠤᠭ ᠮᠠᠯᠲᠠᠬᠤ ᠶᠠᠪᠤᠳᠠᠯ ᠪᠠᠴᠢᠮ | ᠲᠤᠯᠭᠠᠮ ᠪᠣᠯᠤᠭᠰᠠᠨ ᠪᠠᠶᠢᠨ᠎ᠠ᠃ ᠡᠨᠡ ᠬᠦ ᠠᠰᠠᠭᠤᠳᠠᠯ ᠢ ᠰᠢᠢᠳᠪᠤᠷᠢᠯᠡᠬᠦ ᠪᠠᠷ᠂ ᠰᠢᠶᠤᠤ ᠴᠧᠩ ᠽᠢ ᠲᠣᠰᠬᠤᠨ ᠤ | ᠨᠠᠮ ᠤᠨ ᠡᠭᠦᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭ ᠲᠤᠬᠠᠢ ᠳᠤᠨᠢ ᠬᠤᠷᠠᠯ ᠬᠤᠷᠠᠯᠳᠤᠭᠤᠯᠤᠨ᠂ | ᠪᠡᠯᠡ ᠮᠥᠩᠭᠦ ᠭᠠᠷᠭᠠᠨ ᠬᠤᠳᠳᠤᠭ ᠮᠠᠯᠲᠠᠵᠤ᠂ ᠥᠷᠥᠮᠳᠡᠨ ᠬᠠᠶᠢᠵᠤ᠂ 100 ᠮᠧᠲᠷ ᠤᠨ ᠭᠦᠨ ᠬᠤᠳᠳᠤᠭ | ᠮᠠᠯᠲᠠᠬᠤ ᠪᠠᠷ ᠲᠥᠯᠥᠪᠯᠡᠵᠦ᠂ 3 ᠲᠦᠮᠡ ᠭᠠᠷᠤᠢ ᠲᠥᠭᠦᠷᠢᠭ ᠤᠨ ᠪᠡᠯᠡ ᠮᠥᠩᠭᠦ ᠬᠡᠷᠡᠭᠯᠡᠬᠦ ᠪᠠᠷ ᠵᠢᠱᠢᠭᠡᠳ ᠤᠳᠤ | ᠶᠠᠭ ᠬᠤᠳᠳᠤᠭ ᠤᠨ ᠣᠷᠣᠨ ᠪᠠᠶᠢᠷᠢ ᠶᠢ ᠲᠣᠭᠲᠠᠭᠠᠬᠤ ᠶᠠᠪᠤᠴᠠ ᠳᠤ ᠪᠠᠶᠢᠨ᠎ᠠ᠃ | ᠰᠢᠶᠤᠤ ᠴᠧᠩ ᠽᠢ ᠲᠣᠰᠬᠤᠨ ᠤ ᠨᠠᠮ ᠤᠨ ᠡᠭᠦᠷ ᠤᠨ ᠬᠢᠨ ᠤᠯᠠᠨ ᠲᠦᠮᠡᠨ ᠤ ᠤᠰᠤ ᠬᠡᠷᠡᠭᠯᠡᠬᠦ ᠳᠤ ᠬᠦᠴᠢᠷ | ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠤᠨ᠂ ᠲᠣᠰᠬᠤᠨ ᠤ ᠠᠷᠠᠳ ᠤᠨ ᠦᠢᠯᠡᠳᠪᠦᠷᠢᠯᠡᠯ | ᠠᠮᠢᠳᠤᠷᠠᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ | ᠲᠣᠰᠬᠤᠨ ᠤ ᠠᠷᠠᠳ ᠲᠤ ᠪᠣᠳᠠᠲᠠᠢ ᠶᠠᠪᠤᠳᠠᠯ ᠬᠢᠵᠦ᠂ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠳᠤ ᠪᠠᠲᠤ | ᠴᠢᠩᠭ᠎ᠠ ᠪᠠᠲᠤᠯᠠᠭ᠎ᠠ ᠬᠠᠩᠭᠠᠵᠤ ᠪᠠᠶᠢᠨ᠎ᠠ᠃ |