ᠰᠤᠶᠤᠯ ᠭᠡᠭᠡᠷᠡᠯ ᠤᠨ ᠤᠶᠤᠨ ᠤᠬᠠᠭᠠᠨ ᠢᠶᠠᠷ ᠰᠤᠳᠤᠨ ᠦᠷᠡᠰ ᠤᠨ ᠡᠷᠳᠡᠮ ᠤᠨ ᠠᠶᠠᠨ ᠢ ᠭᠡᠶᠢᠭᠦᠯᠦᠨ᠎ᠠ
ᠨᠡᠶᠢᠲᠡᠯᠡᠭᠰᠡᠨ ᠴᠠᠭ᠄
2024/5/10
                       ● ᠰᠤᠷᠪᠤᠯᠵᠢᠯᠠᠬᠴᠢ ᠯᠢᠶᠠᠨ ᠪᠤᠤ      ᠬᠤᠷᠸ᠎ᠠ ᠤᠷᠴᠢᠯᠠᠩ ᠳᠤ ᠠᠵᠢᠯ ᠲᠦᠷᠦᠯ ᠲᠦᠮᠡᠨ ᠲᠦᠮᠡᠨ ᠵᠦᠢᠯ ᠪᠠᠶᠢᠳᠠᠬ ᠪᠤᠯᠪᠠᠴᠦ ᠪᠠᠭᠰᠢ ᠶᠢᠨ ᠠᠵᠢᠯ ᠠᠴᠠ ᠢᠯᠡᠭᠦᠦ ᠶᠠᠭᠤᠮ᠎ᠠ ᠪᠦᠬᠦᠨ ᠢ ᠵᠦᠪ ᠲᠡᠶᠢᠰᠢ ᠬᠦᠲᠦᠯᠳᠡᠭ ᠳᠠᠷᠬᠠᠨ ᠤᠶᠢᠯᠡᠰ ᠴᠦᠬᠡᠨ ᠪᠠᠶᠢᠳᠠᠬ᠃ ᠪᠠᠭᠰᠢ ᠬᠦᠮᠦᠨ ᠦᠷᠦᠭᠡᠯ ᠤᠨ ᠬᠡᠤᠬᠡᠤᠨ ᠢ ᠡᠷᠳᠡᠮ ᠮᠡᠳᠡᠯᠭᠡ ᠲᠠᠢ ᠪᠤᠯᠭᠠᠨ ᠬᠦᠮᠦᠵᠢᠬᠦᠯᠬᠦ ᠶᠢᠨ ᠲᠦᠯᠦᠭᠡ ᠭᠠᠯ ᠵᠠᠯᠠᠭᠤ ᠨᠠᠰᠦᠨ ᠠᠴᠠ ᠪᠠᠨ ᠵᠠᠵᠢᠨ ᠦᠰᠦ ᠪᠠᠨ ᠴᠠᠶᠢᠳᠠᠯ᠎ᠠ ᠪᠠᠨ ᠦᠪᠡᠷ ᠢ ᠪᠠᠨ ᠦᠷᠡᠭᠳᠡᠭᠦᠯᠳᠡᠭ ᠴᠠᠶᠢᠯᠭᠠᠨ ᠰᠡᠳᠬᠢᠯ ᠲᠠᠢ ᠬᠦᠮᠦᠨ ᠪᠤᠯᠦᠨ᠎ᠠ᠃ ᠡᠭᠦᠨ ᠤ ᠳᠤᠳᠤᠷᠠᠬᠢ ᠦᠨᠳᠦᠰᠦᠨ ᠱᠠᠲᠤᠨ ᠤ ᠰᠤᠷᠭᠠᠨ ᠬᠦᠮᠦᠵᠢᠯ ᠤᠨ ᠤᠶᠢᠯᠡᠰ ᠲᠤ ᠬᠤᠷᠢᠨ ᠬᠤᠶᠠᠷ ᠵᠢᠯ ᠰᠢᠷᠭᠠᠭᠤ ᠬᠠᠲᠠᠭᠤᠵᠢᠯᠲᠠᠢ ᠵᠢᠳᠭᠦᠨ ᠠᠵᠢᠯᠯᠠᠵᠤ ᠶᠠᠪᠤᠭ᠎ᠠ ᠵᠠᠯᠠᠶᠢᠳ ᠬᠤᠰᠢᠭᠤᠨ ᠤ ᠴᠣᠣᠯ ᠭᠤᠤᠯ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠡᠷᠬᠢᠯᠡᠭᠴᠢ᠂ ᠠᠩᠭᠢ ᠶᠢᠨ ᠡᠷᠬᠢᠯᠡᠭᠴᠢ ᠮᠦᠷᠲᠡᠭᠡᠨ ᠬᠡᠯᠡ ᠪᠢᠴᠢᠭ ᠤᠨ ᠪᠠᠭᠰᠢ ᠪᠤᠤ ᠴᠡᠩᠭᠡᠯᠲᠦ ᠪᠠᠭᠰᠢ ᠶᠢ ᠳᠤᠷᠠᠳᠬᠤ ᠶᠤᠰᠤᠲᠠᠢ ᠪᠢᠯᠡ᠃      ᠬᠠᠶᠢᠷ᠎ᠠ ᠬᠠᠷᠢᠭᠤᠴᠠᠯᠭ᠎ᠠ ᠶᠢ ᠨᠡᠪᠴᠢᠭᠡᠵᠦ ᠨᠢᠭᠡ ᠯᠡ ᠰᠡᠳᠬᠢᠯ ᠢᠶᠠᠷ ᠴᠢᠷᠮᠠᠶᠢᠵᠠᠢ      ᠪᠤᠤ ᠴᠡᠩᠭᠡᠯᠲᠦ 2002 ᠣᠨ ᠳᠤ ᠥᠪᠦᠷ ᠮᠤᠩᠭᠤᠯ ᠤᠨ ᠦᠨᠳᠦᠰᠦᠲᠡᠨ ᠤ ᠪᠠᠭᠰᠢ ᠶᠢᠨ ᠰᠤᠷᠭᠠᠭᠤᠯᠢ ᠠᠴᠠ ᠰᠢᠯᠢᠳᠡᠭ ᠬᠢᠷᠢ ᠪᠦᠲᠦᠮᠵᠢ ᠪᠠᠷ ᠲᠡᠭᠦᠰᠦᠮᠡᠭᠴᠡ ᠵᠠᠯᠠᠶᠢᠳ ᠬᠤᠰᠢᠭᠤᠨ ᠤ ᠬᠦᠷᠡᠯ ᠭᠤᠣᠯ ᠰᠤᠷᠭᠠᠭᠤᠯᠢ ᠳᠤ ᠠᠩᠬᠠᠨ ᠤ ᠠᠵᠢᠯ ᠤᠨ ᠭᠠᠷᠤᠭ᠎ᠠ ᠪᠠᠨ ᠠᠪᠴᠤ᠂ 2009 ᠣᠨ ᠳᠤ ᠵᠠᠯᠠᠶᠢᠳ ᠬᠤᠰᠢᠭᠤᠨ ᠤ ᠴᠣᠣᠯ ᠭᠤᠤᠯ ᠰᠤᠷᠭᠠᠭᠤᠯᠢ ᠳᠤ ᠠᠵᠢᠯ ᠰᠢᠯᠵᠢᠨ ᠤᠳᠤ ᠪᠤᠯᠳᠠᠯ᠎ᠠ ᠨᠢᠭᠡ ᠯᠡ ᠰᠡᠳᠬᠢᠯ ᠢᠶᠠᠷ ᠦᠨᠳᠦᠰᠦᠨ ᠱᠠᠲᠦᠨ ᠤ ᠤᠶᠢᠯᠡᠰ ᠲᠤ ᠵᠢᠳᠭᠦᠵᠦ ᠪᠠᠶᠢᠭ᠎ᠠ ᠪᠢᠯᠡ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡᠪᠠᠷ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠠᠵᠢᠯ ᠤᠨ ᠱᠠᠭᠠᠷᠳᠠᠯᠭ᠎ᠠ ᠳᠤ ᠵᠣᠬᠢᠴᠠᠭᠤᠯᠤᠨ᠂ ᠲᠤᠬᠠᠶᠢᠯᠠᠬᠰᠠᠨ ᠠᠵᠢᠯ ᠳᠠᠭᠠᠨ ᠴᠠᠭ ᠢᠮᠠᠭᠲᠠ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠬᠠᠮᠲᠤ ᠠᠵᠢᠯᠯᠠᠭᠰᠠᠳ ᠲᠠᠢ ᠪᠠᠨ ᠪᠦᠯᠬᠦᠮᠳᠡᠵᠦ᠂ ᠰᠤᠷᠤᠭᠴᠢᠳ ᠢᠶᠠᠨ ᠬᠠᠶᠢᠷᠠᠯᠡᠵᠦ ᠬᠠᠷᠠᠭᠠᠯᠵᠠᠵᠦ᠂ ᠬᠠᠯᠠᠭᠤᠨ ᠰᠡᠳᠭᠢᠯᠭᠡ ᠲᠠᠢ᠂ ᠨᠠᠷᠢᠨ ᠬᠢᠨᠠᠮᠠᠭᠠᠶ᠂ ᠭᠦᠨ ᠭᠦᠨᠵᠡᠭᠡᠶ ᠪᠥᠭᠡᠳ ᠯᠠᠪᠳᠠᠭᠤᠨ ᠪᠠᠲᠤᠲᠠᠶ ᠬᠦᠮᠦᠨ ᠴᠢᠨᠠᠷ ᠪᠠ ᠪᠠᠭᠰᠢ ᠬᠦᠮᠦᠨ ᠤ ᠡᠷᠬᠢᠮ ᠳᠡᠭᠡᠲᠦ ᠵᠠᠩ ᠰᠤᠷᠲᠠᠯ ᠬᠡᠪ ᠨᠠᠮᠪᠠ ᠶᠢ ᠪᠦᠷᠢᠯᠳᠦᠭᠦᠯᠦᠭᠰᠡᠨ ᠪᠠᠶᠢᠨ᠎ᠠ᠃      ᠤᠯᠠᠨ ᠵᠢᠯ ᠤᠨ ᠲᠤᠷᠰᠢ᠂ ᠲᠡᠷᠡᠪᠡᠷ ᠰᠤᠷᠭᠠᠨ ᠬᠦᠮᠦᠵᠢᠯ ᠤᠨ ᠤᠶᠢᠯᠡᠰ ᠲᠤ ᠬᠠᠯᠠᠰᠢᠷᠠᠯ ᠦᠭᠡᠢ ᠵᠢᠳᠭᠦᠵᠦ᠂ ︽ᠠᠯᠢᠪᠠ ᠪᠦᠬᠦᠨ ᠬᠡᠤᠬᠡᠳ ᠤᠨ ᠲᠦᠯᠦᠭᠡ᠂ ᠬᠡᠤᠬᠡᠳ ᠤᠨ ᠠᠯᠢᠪᠠ ᠪᠦᠬᠦᠨ ᠤ ᠲᠦᠯᠦᠭᠡ︾ ᠭᠡᠰᠡᠨ ᠰᠤᠷᠭᠠᠯ ᠢᠶᠠᠷ ᠲᠤᠬᠠᠶᠢᠯᠠᠬᠰᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠪᠠᠭᠰᠢ ᠶᠢᠨ ᠠᠵᠢᠯ ᠤᠨ ᠳᠦᠷᠢᠮᠵᠢᠯ ᠢ ᠴᠢᠩᠭ᠎ᠠ ᠵᠢᠷᠤᠮᠯᠠᠵᠤ᠂ ᠬᠠᠮᠲᠦ ᠠᠵᠢᠯᠯᠠᠬᠰᠡᠳ ᠲᠠᠢ ᠪᠠᠨ ᠨᠦᠬᠦᠷᠰᠡᠭ ᠶᠠᠪᠤᠯᠴᠠᠬᠤ ᠶᠢᠨ ᠳᠠᠭᠠᠤ ᠰᠤᠷᠤᠬᠴᠢᠳ ᠤᠨ ᠢᠶᠠᠨ ᠰᠡᠳᠬᠢᠯ ᠤᠨ ᠨᠠᠷᠠᠨ ᠪᠤᠯᠵᠦ ᠶᠠᠪᠤᠵᠠᠢ᠃ ᠪᠠᠰᠠ ᠤᠯᠠᠨ ᠠᠵᠢᠯ ᠢ ᠬᠠᠪᠰᠤᠷᠭᠠᠨ ᠬᠠᠷᠢᠭᠤᠴᠠᠵᠤ᠂ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠨᠢᠭᠡᠨ ᠵᠢᠭᠠᠨ ᠰᠤᠷᠭᠠᠬᠤ ᠠᠩᠭᠢ ᠶᠢᠨ ᠠᠩᠭᠢ ᠶᠢᠨ ᠡᠷᠬᠢᠯᠡᠭᠴᠢ ᠶᠢᠨ ᠠᠵᠢᠯ ᠪᠤᠯᠤᠨ ᠬᠡᠯᠡ ᠪᠢᠴᠢᠭ ᠵᠢᠭᠠᠨ ᠰᠤᠷᠭᠠᠬᠤ ᠠᠵᠢᠯ ᠢ ᠬᠠᠷᠢᠭᠤᠴᠠᠭᠰᠠᠨ ᠢᠶᠠᠷ ᠪᠠᠷᠠᠬᠤ ᠦᠭᠡᠢ᠂ ᠪᠠᠰᠠ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠤᠷᠰᠢᠯ ᠤᠨ ᠠᠵᠢᠯ ᠢ ᠬᠠᠷᠢᠭᠤᠴᠠᠵᠤ ᠰᠢᠷᠭᠠᠭᠤ ᠬᠠᠲᠠᠭᠤᠵᠢᠯᠲᠠᠶ ᠪᠠᠷ ᠠᠵᠢᠯᠯᠠᠵᠦ ᠶᠠᠪᠤᠬᠤ ᠶᠢᠨ ᠳᠠᠭᠠᠤ᠂ ᠦᠷᠭᠦᠯᠵᠢ ᠠᠩᠬᠢ ᠪᠠᠷ ᠭᠦᠨᠵᠡᠭᠡᠶᠢᠷᠡᠨ ᠬᠢᠴᠢᠶᠡᠯ ᠰᠣᠨᠣᠰᠴᠤ᠂ ᠬᠢᠴᠢᠶᠡᠯ ᠦᠨᠡᠯᠡᠵᠦ᠂ ᠬᠠᠮᠲᠤ ᠪᠠᠷ ᠰᠤᠳᠤᠯᠤᠨ ᠶᠠᠷᠢᠯᠴᠠᠵᠤ᠂ ᠳᠠᠷᠦᠦ ᠬᠢᠴᠢᠶᠡᠩᠭᠦᠢ ᠬᠡᠪ ᠰᠤᠷᠲᠠᠯ ᠢᠶᠠᠷ ᠦᠭᠡ ᠶᠠᠷᠢᠶ᠎ᠠ᠂ ᠤᠶᠢᠯᠡ ᠠᠵᠢᠯᠯᠠᠭ᠎ᠠ ᠪᠠᠨ ᠤᠶᠢᠯᠡᠳᠦᠯᠭᠡᠵᠢᠭᠦᠯᠦᠭᠰᠡᠭᠡᠷ ᠢᠷᠡᠵᠠᠢ᠃      ︽ᠬᠠᠶᠢᠷ᠎ᠠ ᠬᠠᠷᠢᠭᠤᠴᠠᠯᠭ᠎ᠠ ᠶᠢ ᠨᠡᠪᠴᠢᠭᠡᠬᠦ ᠪᠤᠯ ᠪᠠᠭᠰᠢ ᠶᠢᠨ ᠰᠤᠷᠲᠠᠯ ᠤᠨ ᠰᠦᠭ ᠰᠦᠨᠡᠰᠦ ᠮᠦᠨ︾ ᠭᠡᠬᠦ ᠦᠭᠡ ᠶᠢ ᠦᠷᠬᠦᠯᠵᠢ ᠰᠡᠳᠬᠢᠯ ᠵᠢᠷᠦᠬᠡᠨ ᠳᠡᠭᠡᠨ ᠪᠤᠳᠤᠵᠦ ᠲᠤᠩᠭᠠᠵᠦ ᠢᠷᠡᠵᠠᠢ᠃ ᠲᠡᠷᠡᠪᠡᠷ ᠰᠤᠷᠤᠬᠴᠢᠳ ᠢᠶᠠᠨ ᠦᠵᠡᠵᠦ ᠬᠠᠷᠠᠭᠠᠯᠵᠠᠬᠤ ᠳᠠᠭᠠᠨ ᠮᠠᠯᠵᠢᠬᠤ ᠲᠠᠷᠢᠶᠠᠯᠠᠬᠤ ᠤᠷᠤᠨ ᠤ ᠰᠤᠷᠤᠬᠴᠢ ᠶᠢᠨ ᠪᠠᠶᠢᠳᠠᠯ ᠢ ᠦᠨᠳᠦᠰᠦᠯᠡᠨ ᠰᠤᠷᠤᠬᠴᠢᠳ ᠤᠨ ᠵᠠᠩ ᠠᠷᠠᠨᠰᠢᠨ ᠢ ᠤᠶᠢᠯᠠᠭᠠᠨ ᠨᠠᠶᠢᠵᠢᠯᠠᠬᠤ ᠶᠢᠨ ᠬᠠᠮᠲᠦ ᠵᠢᠭᠠᠨ ᠵᠢᠯᠤᠭᠤᠳᠴᠦ᠂ ᠨᠢᠭᠡ ᠨᠢᠭᠡᠳ ᠢᠶᠠᠷ ᠬᠠᠪᠰᠦᠷᠦᠨ ᠵᠢᠯᠤᠭᠤᠳᠳᠠᠬ ᠪᠠᠶᠢᠯ᠎ᠠ᠃ ︽ᠠᠷᠪᠠᠨ ᠬᠤᠷᠤᠭᠤ ᠲᠡᠭᠰᠢ ᠦᠭᠡᠢ ᠠᠪᠤ ᠶᠢᠨ ᠬᠦᠦ ᠠᠳᠠᠯᠢ ᠦᠭᠡᠢ︾ ᠭᠡᠳᠡᠭᠴᠢᠯᠡᠨ ᠲᠡᠭᠦᠨ ᠤ ᠵᠢᠭᠠᠵᠦ ᠪᠠᠶᠢᠬᠰᠠᠨ ᠠᠩᠬᠢ ᠳᠤ ᠰᠢᠯᠢᠳᠡᠭ ᠰᠤᠷᠤᠬᠴᠢ ᠪᠠᠶᠢᠬᠤ ᠪᠦᠭᠡᠳ ᠪᠠᠰᠠ ᠠᠨᠠᠢ ᠰᠤᠷᠤᠬᠴᠢ ᠪᠠᠶᠢᠳᠠᠬ᠂ ᠡᠭᠦᠨ ᠳᠤ ᠨᠢᠭᠡ ᠶᠢ ᠨᠢ ᠳᠤᠷᠠᠳᠪᠠᠯ᠂ ᠨᠡᠷ᠎ᠠ ᠪᠠᠨ ᠰᠠᠶᠢᠬᠠᠨ ᠪᠢᠴᠢᠵᠦ ᠴᠢᠳᠠᠳᠠᠬ ᠦᠭᠡᠢ ᠮᠦᠷᠲᠡᠭᠡᠨ ᠰᠤᠷᠤᠬᠰᠠᠨ ᠮᠡᠳᠡᠯᠭᠡ ᠪᠠᠨ ᠪᠠᠯᠠᠨ ᠳᠤᠤᠷ᠎ᠠ ᠨᠢ ᠮᠠᠷᠳᠠᠴᠢᠬᠠᠳᠠᠬ ᠨᠢᠭᠡᠨ ᠰᠤᠷᠤᠬᠴᠢ ᠪᠠᠶᠢᠬᠰᠠᠨ ᠪᠠᠶᠢᠵᠠᠢ᠂ ᠪᠤᠤ ᠪᠠᠭᠰᠢ ᠡᠨᠡ ᠰᠤᠷᠤᠬᠴᠢ ᠶᠢ ᠬᠠᠶᠠᠵᠦ ᠤᠷᠬᠢᠵᠦ ᠶᠠᠪᠤᠬᠰᠠᠨ ᠦᠭᠡᠢ ᠬᠠᠷᠢᠨ ᠲᠡᠭᠦᠨ ᠳᠤ ᠡᠳᠦᠷ ᠪᠦᠷᠢ ᠬᠠᠯᠠᠰᠢᠷᠠᠯ ᠦᠭᠡᠢ ᠪᠠᠷ ᠦᠰᠦᠭ ᠵᠢᠭᠠᠵᠦ ᠦᠭᠬᠦ ᠶᠢᠨ ᠬᠠᠮᠲᠦ ᠰᠤᠷᠤᠬᠰᠠᠨ ᠠᠭᠤᠯᠭ᠎ᠠ ᠶᠢ ᠨᠢ ᠲᠠᠰᠦᠷᠠᠯᠲᠠ ᠦᠭᠡᠢ ᠪᠠᠬᠢᠵᠢᠭᠦᠯᠦᠭᠰᠡᠨ ᠠᠴᠠ ᠲᠠᠮᠠᠢ ᠤᠳᠠᠯ ᠦᠭᠡᠢ ᠡᠨᠡ ᠰᠤᠷᠤᠬᠴᠢ ᠠᠯᠢ ᠤᠯᠠᠨ ᠰᠢᠨ᠎ᠠ ᠦᠰᠦᠭ ᠰᠤᠷᠴᠦ ᠲᠠᠨᠢᠵᠦ ᠲᠡᠶᠢᠯᠦᠭᠰᠡᠨ ᠪᠠᠶᠢᠨ᠎ᠠ᠃ ᠢᠡᠭᠬᠢᠵᠦ ᠪᠦᠬᠦ ᠰᠡᠳᠬᠢᠯ ᠪᠦᠬᠦ ᠵᠤᠷᠢᠬ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠢᠶᠠᠷ ᠲᠡᠭᠦᠨ ᠤ ᠳᠠᠭᠠᠭᠤᠯᠤᠬᠰᠠᠨ ᠰᠤᠷᠤᠬᠴᠢ ᠨᠢ ᠰᠤᠷᠭᠠᠭᠤᠯᠢ ᠲᠠᠪᠰᠢᠬᠤ ᠰᠢᠯᠭᠠᠯᠲᠠ ᠳᠠᠭᠠᠨ ᠰᠢᠯᠢᠳᠡᠭ ᠬᠢᠷᠢ ᠪᠦᠲᠦᠮᠵᠢ ᠤᠯᠵᠦ᠂ ᠬᠢᠷᠢ ᠪᠦᠲᠦᠮᠵᠢ ᠨᠢ ᠪᠦᠬᠦ ᠠᠶᠢᠮᠠᠭ ᠤᠨ ᠡᠮᠤᠨᠡᠬᠦᠷ ᠤᠷᠤᠬᠰᠠᠨ ᠪᠠᠶᠢᠨ᠎ᠠ᠃      ︽ᠮᠠᠨ ᠤ ᠪᠤᠤ ᠪᠠᠭᠰᠢ ᠬᠢᠴᠢᠶᠡᠯ ᠤᠨ ᠲᠠᠩᠬᠢᠮ ᠳᠤ ᠮᠠᠰᠢ ᠴᠢᠩᠭ᠎ᠠ᠂ ᠬᠢᠴᠢᠶᠡᠯ ᠪᠠᠭᠤᠬᠰᠠᠨ ᠤ ᠳᠠᠷᠠᠭ᠎ᠠ ᠮᠠᠨᠤᠰ ᠲᠠᠢ ᠨᠠᠶᠢᠵᠢ ᠮᠡᠲᠦ ᠰᠠᠶᠢᠬᠠᠨ ᠨᠦᠬᠦᠷᠯᠡᠳᠡᠭ᠂ ᠬᠢᠴᠢᠶᠡᠯᠯᠡᠬᠦ ᠲᠤᠮᠳᠠ ᠰᠤᠷᠤᠬᠴᠢᠳ ᠲᠠᠢ ᠰᠤᠨᠢᠷᠬᠠᠯ ᠲᠠᠢ ᠶᠠᠷᠢᠯᠴᠠᠭ᠎ᠠ ᠦᠷᠨᠢᠭᠦᠯᠵᠦ᠂ ᠡᠯ᠎ᠠ ᠵᠦᠢᠯ ᠤᠨ ᠳᠤᠷ᠎ᠠ ᠰᠤᠨᠢᠷᠬᠠᠯ ᠤᠨ ᠬᠦᠳᠡᠯᠭᠡᠭᠡᠨ ᠳᠤ ᠤᠷᠤᠯᠴᠠᠬᠤ ᠶᠢ ᠵᠤᠷᠢᠬᠵᠢᠭᠤᠯᠵᠦ᠂ ᠪᠢᠳᠡᠨ ᠤ ᠤᠷᠮ᠎ᠠ ᠶᠢ ᠰᠡᠷᠭᠦᠭᠡᠳᠡᠭ᠃ ᠪᠢᠳᠡᠨ ᠤ ᠰᠤᠷᠤᠯᠭ᠎ᠠ᠂ ᠠᠮᠢᠳᠦᠷᠠᠯ ᠢ ᠴᠠᠬ ᠲᠤᠬᠠᠢ ᠳᠤᠨᠢ ᠤᠶᠢᠯᠠᠭᠠᠵᠦ ᠬᠠᠯᠠᠮᠵᠢᠯᠳᠠᠬ ᠪᠢᠯᠡ᠂ ᠪᠢ ᠪᠤᠤ ᠪᠠᠭᠰᠢ ᠶᠢ ᠮᠠᠰᠢ ᠬᠦᠨᠳᠦᠯᠡᠬᠦ ᠮᠦᠷᠲᠡᠭᠡᠨ ᠲᠡᠭᠦᠨ ᠤ ᠬᠢᠴᠢᠶᠡᠯ ᠢ ᠰᠤᠨᠤᠰᠬᠤ ᠳᠤᠷᠠᠲᠠᠢ︾ ᠭᠡᠵᠦ ᠲᠡᠭᠦᠨ ᠤ ᠰᠤᠷᠤᠬᠴᠢ ᠪᠤᠤ ᠶᠦᠡᠭ ᠵᠢᠩ ᠶᠠᠷᠢᠵᠦ ᠪᠠᠶᠢᠯ᠎ᠠ᠃      ᠰᠢᠯᠢᠳᠡᠭ ᠵᠢᠭᠠᠨ ᠰᠤᠷᠭᠠᠯᠲᠠ ᠪᠠᠷ ᠰᠤᠳᠤᠨ ᠰᠤᠷᠤᠬᠴᠢᠳ ᠢ ᠬᠦᠮᠦᠵᠢᠬᠦᠯᠵᠠᠢ      ᠵᠢᠭᠠᠨ ᠰᠤᠷᠭᠠᠯᠲᠠ ᠶᠢᠨ ᠶᠠᠰᠦ ᠴᠢᠨᠠᠷ ᠢ ᠳᠡᠭᠡᠭᠰᠢᠯᠡᠬᠦᠯᠬᠦ ᠪᠤᠯ ᠰᠤᠷᠭᠠᠨ ᠬᠦᠮᠦᠵᠢᠯ ᠤᠨ ᠤᠶᠢᠯᠡᠰ ᠤᠨ ᠭᠤᠤᠯ ᠠᠮᠢᠨ ᠰᠤᠳᠠᠰᠦ ᠪᠤᠯᠦᠨ᠎ᠠ᠃ ᠪᠤᠤ ᠴᠡᠩᠭᠡᠯᠲᠦ ᠪᠠᠭᠰᠢ ᠰᠤᠷᠭᠠᠨ ᠬᠦᠮᠦᠵᠢᠯ ᠤᠨ ᠤᠶᠢᠯᠡᠰ ᠢ ᠡᠬᠢᠯᠡᠵᠦ ᠬᠢᠭᠰᠡᠨ ᠲᠡᠷᠡ ᠴᠠᠬ ᠠᠴᠠ ᠪᠠᠨ ᠦᠪᠡᠷ ᠤᠨ ᠲᠤᠬᠠᠶᠢᠯᠠᠬᠰᠠᠨ ᠠᠵᠢᠯ ᠢᠶᠠᠨ ᠰᠠᠶᠢᠳᠦᠷ ᠪᠡᠶᠡᠯᠡᠬᠦᠯᠬᠦ ᠶᠢᠨ ᠬᠠᠮᠲᠦ ᠵᠢᠭᠠᠨ ᠰᠤᠷᠭᠠᠯᠲᠠ ᠶᠢᠨ ᠡᠮᠤᠨ᠎ᠠ ᠹᠷᠤᠨᠲ ᠲᠤ ᠭᠦᠨᠵᠡᠭᠡᠶᠢᠷᠡᠨ᠂ ᠯᠠᠪᠳᠠᠭᠤᠨ ᠪᠠᠲᠦᠲᠠᠢ ᠤᠶᠢᠯᠡ ᠠᠵᠢᠯᠯᠠᠭ᠎ᠠ ᠪᠠᠷ ᠢᠶᠠᠨ ᠪᠠᠭᠰᠢ ᠨᠠᠷ ᠲᠠᠭᠠᠨ ᠦᠯᠢᠭᠡᠷ ᠳᠠᠭᠤᠷᠢᠶᠡᠯ ᠪᠤᠯᠵᠠᠢ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠲᠠᠯ᠎ᠠ ᠪᠠᠷ᠂ ᠪᠦᠦ ᠪᠠᠭᠰᠢ ᠰᠤᠷᠤᠭᠴᠢᠳ ᠤᠨ ᠨᠠᠰᠤᠨ ᠤ ᠣᠨᠴᠠᠯᠢᠭ ᠪᠠ ᠰᠡᠳᠭᠢᠴᠡ ᠶᠢᠨ ᠣᠨᠴᠠᠯᠢᠭ ᠢ ᠦᠨᠳᠦᠰᠦᠯᠡᠨ᠂ ᠬᠢᠴᠢᠶᠡᠯ ᠲᠦᠷᠦᠯ ᠤᠨ ᠠᠭᠤᠯᠭ᠎ᠠ ᠲᠠᠢ ᠤᠶᠠᠯᠳᠤᠭᠤᠯᠤᠨ᠂ ᠵᠢᠭᠠᠨ ᠰᠤᠷᠭᠠᠯᠲᠠ ᠶᠢᠨ ᠠᠷᠭ᠎ᠠ ᠪᠤᠳᠤᠯᠭ᠎ᠠ ᠶᠢ ᠲᠣᠭᠲᠠᠭᠠᠵᠤ᠂ ᠠᠪᠢᠶᠠᠰ ᠲᠤᠨᠢ ᠲᠣᠬᠢᠷᠠᠭᠤᠯᠤᠨ ᠵᠢᠭᠠᠳᠠᠭ᠃ ᠲᠡᠭᠦᠨ ᠤ ᠦᠭᠡ ᠬᠡᠯᠡ ᠨᠢ ᠱᠤᠭ ᠶᠦᠮᠦᠷᠯᠢᠭ᠂ ᠪᠡᠶ᠎ᠡ ᠪᠠᠨ ᠳᠠᠭᠠᠭᠠᠨ ᠰᠤᠷᠤᠯᠴᠠᠬᠤ᠂ ᠬᠠᠮᠲᠤᠷᠠᠨ ᠰᠦᠪᠡᠭᠴᠢᠯᠡᠬᠦ ᠵᠢᠭᠠᠨ ᠰᠤᠷᠭᠠᠯᠲᠠ ᠶᠢᠨ ᠠᠷᠭ᠎ᠠ ᠶᠢ ᠪᠦᠲᠦᠭᠡᠯᠴᠢ ᠪᠠᠷ ᠦᠷᠨᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠰᠤᠷᠤᠭᠴᠢᠳ ᠤᠨ ᠰᠠᠨᠠᠭᠠᠴᠢᠯᠠᠭ᠎ᠠ ᠠᠴᠠ ᠪᠠᠨ ᠬᠠᠶᠢᠨ ᠰᠦᠪᠡᠭᠴᠢᠯᠡᠬᠦ ᠶᠢ ᠬᠥᠲᠥᠯᠥᠨ ᠵᠢᠯᠣᠭᠤᠳᠬᠤ ᠳᠠᠭᠠᠨ ᠴᠢᠳᠠᠮᠠᠭᠠᠶ ᠪᠠᠶᠢᠵᠤ᠂ ᠰᠤᠷᠤᠭᠴᠢᠳ ᠤᠨ ᠰᠡᠳᠭᠢᠬᠦᠶ ᠶᠢᠨ ᠳᠠᠯᠳᠠ ᠬᠦᠴᠦᠨ ᠢ ᠴᠠᠭ ᠲᠤᠬᠠᠶ ᠳᠤᠨᠢ ᠠᠭᠤᠳᠠᠯᠵᠤ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠲᠦᠢᠯ ᠤᠨ ᠶᠡᠭᠡ ᠪᠠᠷ ᠬᠥᠮᠦᠵᠢᠭᠦᠯᠦᠨ᠂ ᠪᠠᠶᠠᠷ ᠪᠠᠶᠠᠰᠬᠤᠯᠠᠩᠲᠠᠶ ᠣᠷᠴᠢᠨ ᠲᠣᠭᠤᠷᠢᠨ ᠳᠤ ᠮᠡᠳᠡᠯᠭᠡ ᠴᠢᠳᠠᠪᠤᠷᠢ ᠡᠵᠡᠮᠰᠢᠭᠦᠯᠵᠠᠢ᠃ ᠢᠡᠭᠬᠢᠭᠰᠡᠨ ᠠᠴᠠ ᠲᠡᠭᠦᠨ ᠤ ᠳᠠᠭᠠᠭᠠᠴᠢᠯᠠᠨ ᠠᠪᠤᠭᠰᠠᠨ ᠠᠩᠬᠢ ᠨᠢ ᠤᠯᠠᠨ ᠤᠳᠠᠭ᠎ᠠ ᠬᠤᠰᠢᠭᠤᠨ ᠤ ᠨᠢᠭᠡᠳᠦᠯᠲᠡᠢ ᠰᠢᠯᠭᠠᠨ ᠪᠠᠶᠢᠴᠠᠭᠠᠯᠲᠠ ᠳᠤ ᠲᠡᠷᠢᠭᠦᠨ ᠤ ᠬᠢᠷᠢ ᠪᠦᠲᠦᠮᠵᠢ ᠤᠯᠤᠭᠰᠠᠨ ᠪᠠᠶᠢᠨ᠎ᠠ᠃      ᠪᠦᠦ ᠪᠠᠭᠰᠢ ᠬᠢᠴᠢᠶᠡᠯ ᠤᠨ ᠲᠠᠩᠬᠢᠮ ᠤᠨ ᠦᠢᠯᠡᠳᠦᠯᠭᠡ ᠶᠢᠨ ᠰᠠᠭᠤᠷᠢᠨ ᠳᠡᠭᠡᠷ᠎ᠡ ᠰᠢᠮᠳᠠᠨ ᠰᠤᠳᠤᠯᠵᠤ᠂ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠳ᠋ᠦᠩᠨᠡᠨ᠂ ᠵᠢᠭᠠᠨ ᠰᠤᠷᠭᠠᠯᠲᠠ ᠶᠢᠨ ᠥᠭᠦᠯᠡᠯ᠂ ᠰᠤᠳᠤᠯᠭᠠᠨ ᠤ ᠰᠡᠳᠦᠪ ᠪᠢᠴᠢᠵᠦ᠂ ᠥᠪᠡᠷ ᠢ ᠪᠠᠨ ᠰᠤᠷᠤᠯᠴᠠᠬᠤ ᠮᠠᠶ᠋ᠢᠭ ᠤᠨ᠂ ᠰᠤᠳᠤᠯᠭᠠᠨ ᠤ ᠮᠠᠶ᠋ᠢᠭ ᠤᠨ ᠪᠠᠭᠰᠢ ᠪᠣᠯᠬᠤ ᠪᠠᠷ ᠴᠢᠷᠮᠠᠶᠢᠪᠠ᠃ ᠲᠡᠭᠦᠨ ᠤ ᠥᠭᠦᠯᠡᠯ ᠨᠢ ᠣᠷᠣᠨ ᠤ ᠲᠡᠰ ᠤᠨ ᠰᠡᠳᠬᠦᠯ ︽ᠠᠯᠳᠠᠨ ᠦᠨᠳᠦᠰᠦ︾ ᠵᠢᠴᠢ ᠬᠢᠩᠭᠠᠨ ᠤ ᠡᠳᠦᠷ ᠤᠨ ᠰᠣᠨᠢᠨ ᠳᠤ ᠤᠯᠠᠨ ᠤᠳᠠᠭ᠎ᠠ ᠨᠡᠶᠢᠲᠡᠯᠡᠭᠳᠡᠵᠦ ᠦᠡᠭᠭᠡᠷᠡᠭᠰᠡᠨ ᠪᠦᠭᠡᠳ ᠤᠯᠤᠰ ᠤᠨ ᠲᠠᠰ ᠤᠨ ᠶᠣᠰᠣ ᠰᠤᠷᠲᠠᠬᠤᠨ ᠤ ᠬᠥᠮᠦᠵᠢᠯ ᠤᠨ ᠲᠤᠷᠰᠢᠯᠲᠠ ᠶᠢᠨ ᠰᠡᠳᠦᠪ᠂ ᠤᠯᠤᠰ ᠤᠨ ᠲᠠᠰ ᠤᠨ ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠲᠤᠷᠰᠢᠯᠲᠠ ᠶᠢᠨ ᠰᠡᠳᠦᠪ ᠨᠢ ᠠᠮᠵᠢᠯᠲᠠ ᠲᠠᠢ ᠳᠠᠭᠤᠰᠤᠭᠰᠠᠨ ᠪᠥᠭᠡᠳ ᠳᠡᠯᠭᠡᠷᠡᠭᠦᠯᠦᠨ ᠬᠡᠷᠡᠭᠯᠡᠪᠡ᠃      ︽ᠪᠢ ᠦᠷᠬᠦᠯᠵᠢ ᠪᠡᠶ᠎ᠡ ᠪᠠᠷ ᠢᠶᠠᠨ ᠵᠢᠱᠢᠶ᠎ᠡ ᠦᠵᠡᠭᠦᠯᠦᠨ᠂ ᠰᠠᠶ᠋ᠢᠬᠠᠨ ᠠᠵᠢᠯ ᠤᠨ ᠪᠠᠶᠢᠷᠢᠨ ᠳᠤ ᠭᠠᠷᠤᠬᠰᠠᠨ ᠵᠠᠯᠠᠭᠤ ᠪᠠᠭᠰᠢ ᠨᠠᠷ ᠢ ᠳᠠᠭᠠᠭᠤᠯᠦᠨ᠂ ᠰᠢᠨ᠎ᠠ ᠬᠢᠴᠢᠶᠡᠯ ᠤᠨ ᠪᠠᠷᠢᠮᠵᠢᠶ᠎ᠠ ᠶᠢ ᠲᠦᠷᠦᠭᠦᠯᠡᠨ ᠰᠤᠷᠤᠯᠴᠠᠵᠦ᠂ ᠬᠢᠴᠢᠶᠡᠯ ᠤᠨ ᠦᠭᠡᠷᠡᠴᠢᠯᠡᠯᠲᠠ ᠶᠢᠨ ᠮᠦᠨ ᠴᠢᠨᠠᠷ ᠢ ᠤᠶᠢᠯᠠᠭᠠᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤᠮᠳᠠ ᠤᠷᠤᠰᠢᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠭᠰᠢ ᠶᠢᠨ ᠵᠢᠭᠠᠨ ᠰᠤᠷᠭᠠᠯᠲᠠ ᠶᠢᠨ ᠦᠭᠡᠷᠡᠴᠢᠯᠠᠯᠲᠠ ᠪᠠ ᠰᠢᠨ᠎ᠠ ᠶᠢ ᠡᠭᠦᠳᠬᠦ ᠳᠤ ᠬᠦᠴᠦ ᠲᠠᠯᠪᠢᠵᠠᠢ︾ ᠭᠡᠵᠦ ᠪᠤᠤ ᠴᠡᠩᠭᠡᠯᠳᠤ ᠪᠠᠭᠰᠢ ᠦᠪᠡᠷ ᠤᠨ ᠵᠢᠭᠠᠨ ᠰᠤᠷᠭᠠᠯᠲᠠ ᠶᠢᠨ ᠲᠤᠬᠠᠢ ᠪᠠᠶᠢᠳᠠᠯ ᠢᠶᠠᠨ ᠤᠷᠮᠠᠳᠠᠶᠢᠬᠠᠨ ᠶᠠᠷᠢᠵᠦ ᠪᠠᠶᠢᠯ᠎ᠠ᠃      ᠪᠦᠦ ᠪᠠᠭᠰᠢ ᠠᠩᠭᠢ ᠶᠢᠨ ᠡᠷᠬᠢᠯᠡᠭᠴᠢ ᠶᠢᠨ ᠢᠷᠠᠭᠤ ᠠᠯᠳᠠᠷᠲᠤ ᠦᠢᠯᠡᠰ ᠢ ᠳᠡᠭᠡᠳᠦᠯᠡᠨ ᠶᠠᠪᠤᠵᠤ᠂ ᠪᠦᠦ ᠪᠠᠭᠰᠢ ᠰᠣᠷᠣᠭᠴᠢ ᠶᠢᠨ ᠰᠤᠷᠤᠯᠭ᠎ᠠ ᠶᠢᠨ ᠪᠠᠶᠢᠳᠠᠯ ᠢ ᠠᠯᠠᠭᠠᠨ ᠤ ᠰᠤᠳᠠᠰᠤ ᠪᠠᠨ ᠮᠡᠲᠦ ᠣᠶᠢᠯᠠᠭᠠᠵᠤ᠂ ᠠᠳᠠᠯᠢ ᠪᠤᠰᠤ ᠣᠨᠴᠠᠯᠢᠭ ᠲᠠᠢ ᠰᠣᠷᠣᠭᠴᠢ ᠶᠢ ᠠᠷᠭᠠᠴᠠᠭᠠᠬᠤ ᠳᠠᠭᠠᠨ ᠠᠪᠢᠶᠠᠰ ᠲᠤᠨᠢ ᠲᠣᠬᠢᠷᠠᠭᠤᠯᠤᠨ ᠵᠢᠭᠠᠨ ᠰᠤᠷᠭᠠᠵᠤ᠂ ᠣᠯᠠᠨ ᠵᠠᠭᠤᠴᠢ ᠶᠢ ᠠᠰᠢᠭᠯᠠᠨ ᠵᠢᠭᠠᠨ ᠰᠤᠷᠭᠠᠯᠲᠠ ᠳᠤ ᠬᠠᠪᠰᠤᠷᠤᠮᠵᠢ ᠪᠣᠯᠭᠠᠨ᠂ ᠵᠢᠭᠠᠨ ᠰᠤᠷᠭᠠᠯᠲᠠ ᠶᠢᠨ ᠰᠢᠨ᠎ᠡ ᠬᠡᠪ ᠵᠠᠭᠪᠤᠷ ᠢ ᠵᠣᠷᠢᠭᠲᠠᠶ ᠪᠠᠷ ᠡᠭᠦᠳᠴᠦ᠂ ᠰᠤᠷᠤᠭᠴᠢᠳ ᠤᠨ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠬᠠᠯᠠᠮᠵᠢᠯᠠᠬᠤ ᠂ ᠪᠦᠯᠬᠦᠮᠳᠡᠨ ᠨᠥᠬᠦᠷᠯᠡᠬᠦ ᠶᠢ ᠲᠠᠶᠢᠴᠢᠯᠠᠬᠰᠠᠨ ᠠᠴᠠ ᠲᠡᠭᠦᠨ ᠤ ᠳᠠᠭᠠᠭᠤᠯᠤᠭᠰᠠᠨ ᠠᠩᠭᠢ ᠨᠢ ᠣᠯᠠᠨ ᠤᠳᠠᠭ᠎ᠠ ᠰᠤᠷᠭᠠᠭᠤᠯᠢ ᠶᠢᠨ ︽ᠪᠣᠯᠪᠠᠰᠤᠨ ᠠᠩᠭᠢ︾ ᠪᠠᠷ ᠦᠨᠡᠯᠡᠭᠳᠡᠭᠰᠡᠨ ᠪᠦᠭᠡᠳ 2020 ᠣᠨ ᠳᠤ ᠪᠠᠰᠠ ᠠᠶᠢᠮᠠᠭ ᠤᠨ ᠲᠠᠰ ᠤᠨ ︽ᠬᠠᠯᠠᠭᠤᠨ ᠳᠤᠯᠠᠭᠠᠨ ᠬᠢᠴᠢᠶᠡᠯ ᠤᠨ ᠬᠡᠷ︾ ᠢᠶᠠᠷ ᠦᠨᠡᠯᠡᠭᠳᠡᠵᠦ᠂ ᠸᠠᠩ ᠰᠤᠳᠤᠨ᠂ ᠴᠧᠨ ᠱᠢ ᠰᠢᠨ᠂ ᠤᠶᠠᠬᠠᠨ ᠮᠡᠲᠦ ᠶᠢᠨ ᠰᠢᠯᠢᠳᠡᠭ ᠰᠤᠷᠤᠬᠴᠢᠳ ᠢ ᠤᠯᠤᠰ ᠤᠷᠤᠨ ᠤ ᠰᠢᠯᠢᠳᠡᠭ ᠶᠡᠭᠡ ᠰᠤᠷᠭᠠᠭᠤᠯᠢ ᠳᠤ ᠰᠢᠯᠭᠠᠭᠤᠯᠦᠨ ᠤᠷᠤᠭᠤᠯᠵᠦ᠂ ᠬᠠᠮᠲᠦ ᠠᠵᠢᠯᠯᠠᠬᠰᠡᠳ ᠤᠨ ᠢᠶᠠᠨ ᠲᠤᠮᠳᠠ ᠳᠠᠭᠤᠷᠢᠶᠠᠯ ᠪᠤᠯᠵᠦ ᠶᠠᠪᠤᠨ᠎ᠠ᠃     ᠢᠷᠠᠭᠤ ᠠᠯᠳᠠᠷ ᠢᠶᠠᠷ ᠤᠶᠢᠯᠡᠰ ᠤᠨ ᠬᠠᠷᠭᠤᠢ ᠪᠠᠨ ᠰᠠᠷᠠᠭᠤᠯᠵᠢᠭᠤᠯᠵᠠᠢ      ︽ᠴᠢᠷᠮᠠᠶᠢᠯᠭ᠎ᠠ ᠬᠦᠮᠦᠨ ᠢ ᠭᠤᠮᠤᠳᠠᠭᠠᠳᠠᠬ ᠦᠭᠡᠢ︾ ᠭᠡᠳᠡᠭ ᠢᠶᠠᠷ 22 ᠵᠢᠯ ᠤᠨ ᠲᠤᠷᠰᠢ᠂ ᠲᠡᠷᠡᠪᠡᠷ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠨ᠂ ᠨᠢᠮᠪᠠᠢ ᠬᠦᠯᠢᠴᠡᠩᠭᠦᠢ᠂ ᠳᠠᠷᠤᠤ ᠬᠢᠴᠢᠶᠡᠩᠭᠦᠢ ᠤᠪᠤᠷ ᠢᠶᠠᠷ ᠰᠢᠨ᠎ᠠ ᠶᠢ ᠡᠭᠦᠳᠦᠨ ᠠᠵᠢᠯᠯᠠᠵᠦ᠂ ᠰᠤᠷᠭᠠᠭᠤᠯᠢ ᠪᠠᠨ ᠭᠡᠷ ᠢᠶᠠᠨ ᠰᠢᠭ᠂ ᠦᠷᠦᠭᠡᠯ ᠤᠨ ᠬᠡᠤᠬᠡᠳ ᠢ ᠦᠪᠡᠷ ᠢ ᠪᠠᠨ ᠮᠡᠲᠦ ᠰᠠᠨᠠᠵᠦ ᠬᠠᠷᠠᠭᠠᠯᠵᠠᠵᠦ᠂ ᠵᠢᠭᠠᠨ ᠰᠤᠷᠭᠠᠵᠦ ᠰᠢᠷᠭᠠᠭᠤ ᠬᠠᠲᠠᠭᠤᠵᠢᠯᠲᠠᠢ ᠴᠢᠷᠮᠠᠶᠢᠨ ᠠᠵᠢᠯᠯᠠᠭᠰᠠᠨ ᠤ ᠬᠠᠷᠢᠭᠤ ᠳᠤ ᠭᠠᠨᠵᠤᠭ᠎ᠠ ᠲᠦᠭᠦᠷᠡᠩ ᠠᠮᠵᠢᠯᠲᠠ ᠤᠯᠤᠬᠰᠠᠨ ᠪᠠᠶᠢᠨ᠎ᠠ᠃ ᠲᠡᠷᠡᠪᠡᠷ ᠤᠷᠢᠳ ᠬᠤᠵᠢᠳ ᠣᠷᠤᠨ ᠤ ᠳᠡᠰ ᠤᠨ ᠰᠢᠯᠢᠳᠡᠭ ᠵᠢᠭᠠᠨ ᠵᠢᠯᠤᠭᠤᠳᠤᠭᠴᠢ ᠪᠠᠭᠰᠢ ᠬᠢᠭᠡᠳ ᠠᠶᠢᠮᠠᠭ᠂ ᠬᠤᠰᠢᠭᠤᠨ ᠤ ᠳᠡᠰ ᠤᠨ ᠰᠢᠯᠢᠳᠡᠭ ᠪᠠᠭᠰᠢ ᠂ ᠰᠢᠯᠢᠳᠡᠭ ᠠᠩᠭᠢ ᠶᠢᠨ ᠡᠷᠬᠢᠯᠡᠭᠴᠢ᠂ ᠵᠢᠭᠠᠨ ᠰᠤᠷᠭᠠᠬᠤ ᠴᠢᠳᠠᠪᠤᠷᠢᠲᠠᠨ ᠵᠢᠴᠢ ᠬᠤᠰᠢᠭᠤᠨ ᠳᠡᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠤᠳᠠᠭ᠎ᠠ ᠳᠠᠷᠠᠭᠠᠯᠠᠨ ᠬᠦᠬᠢᠭᠦᠯᠦᠨ ᠰᠠᠶᠢᠰᠢᠶᠠᠭᠳᠠᠵᠤ᠂ ᠠᠶᠢᠮᠠᠭ᠂ ᠬᠤᠰᠢᠭᠤᠨ ᠲᠡᠰ ᠤᠨ ︽ᠰᠢᠯᠢᠳᠡᠭ ᠠᠩᠬᠢ ᠶᠢᠨ ᠡᠷᠬᠢᠯᠡᠭᠴᠢ︾ ᠬᠡᠬᠦ ᠵᠡᠷᠭᠡ ᠡᠷᠬᠢᠮ ᠨᠠᠨᠳᠢᠨ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠦ᠂ ᠤᠶᠢᠯᠡᠰ ᠤᠨ ᠲᠤᠷᠭᠠᠨ ᠬᠠᠷᠭᠤᠢ ᠳᠠᠭᠠᠨ ᠡᠯᠪᠡᠭ ᠪᠦᠲᠦᠭᠡᠯ ᠰᠦᠮᠪᠦᠷᠯᠡᠭᠦᠯᠵᠦ᠂ ᠵᠤᠨ ᠤᠯᠠᠨ ᠤ ᠪᠠᠨ ᠳᠤᠮᠳᠠ ᠳᠠᠭᠤᠷᠢᠶᠠᠯ ᠪᠤᠯᠵᠦ ᠤᠷᠤᠬᠰᠢ ᠵᠢᠳᠭᠦᠨᠡᠮ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号