ᠰᠢᠶᠤᠤ ᠴᠧᠩ ᠽᠢ ᠲᠣᠰᠬᠤᠨ ᠤ ᠤᠤᠭᠤᠬᠤ ᠤᠰᠤᠨ ᠤ ᠠᠰᠠᠭᠤᠳᠠᠯ ᠰᠢᠢᠳᠪᠤᠷᠢᠯᠡᠭᠳᠡᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/5/10
       ︽ᠪᠤᠰᠢᠭᠤ ᠦᠵᠡ᠂ ᠲᠣᠰᠬᠤᠨ ᠤ ᠺᠠᠳ᠋ᠷ ᠪᠢᠳᠡᠨ ᠳᠤ ᠬᠤᠳᠳᠤᠭ ᠮᠠᠯᠲᠠᠵᠤ ᠥᠭᠬᠦ ᠪᠠᠷ ᠢᠷᠡᠯ᠎ᠡ︕︾ ︽ᠮᠠᠰᠢ ᠰᠠᠶᠢᠨ ᠪᠣᠯᠤᠯ᠎ᠠ᠂ ᠤᠰᠤ ᠵᠠᠷᠤᠬᠤ ᠶᠢᠨ ᠲᠥᠯᠥᠭᠡ ᠵᠣᠪᠠᠭ᠋ᠤ ᠬᠡᠷᠡᠭ ᠦᠭᠡᠶ ᠪᠤᠯᠵᠠᠢ᠂ ᠲᠣᠰᠬᠤᠨ ᠤ ᠨᠠᠮ ᠤᠨ ᠡᠭᠦᠷ ᠲᠤ ᠲᠠᠯᠠᠷᠬᠠᠬᠤ ᠶᠣᠰᠣᠲᠠᠶ ᠰᠢᠤ︕︾ ᠭᠡᠵᠦ ᠣᠶᠢᠷ᠎ᠠ ᠳᠤ᠂ ᠬᠤᠳᠳᠤᠭ ᠮᠠᠯᠲᠠᠬᠤ᠂ ᠤᠰᠤ ᠨᠡᠪᠲᠡᠷᠡᠭᠦᠯᠬᠦ ᠨᠢ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠰᠢᠶᠤᠤ ᠴᠧᠩ ᠽᠢ ᠲᠣᠰᠬᠤᠨ ᠤ ᠠᠷᠠᠳ ᠤᠨ ᠬᠥᠭᠵᠢᠶᠡᠨᠲᠡᠶ ᠶᠠᠷᠢᠯᠴᠠᠬᠤ ᠰᠡᠳᠦᠪ ᠪᠣᠯᠵᠠᠶ᠃    ᠣᠳᠣᠬᠠᠨ ᠳᠤ᠂ ᠬᠤᠳᠳᠤᠭ ᠮᠠᠯᠲᠠᠵᠤ ᠣᠣᠭᠤᠬᠤ ᠤᠰᠤᠨ ᠤ ᠠᠰᠠᠭᠤᠳᠠᠯ ᠢ ᠰᠢᠢᠳᠪᠤᠷᠢᠯᠡᠬᠦ ᠨᠢ ᠰᠢᠶᠤᠤ ᠴᠧᠩ ᠽᠢ ᠲᠣᠰᠬᠤᠨ ᠤ ᠠᠷᠠᠳ ᠤᠨ ᠰᠡᠳᠬᠢᠯ ᠲᠠᠯᠪᠢᠵᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠪᠣᠯᠵᠤ ᠂ ᠰᠢᠶᠤᠤ ᠴᠧᠩ ᠽᠢ ᠲᠣᠰᠬᠤᠨ ᠤ ᠠᠷᠠᠳ ᠤᠨ ᠤᠰᠤ ᠬᠡᠷᠡᠭᠯᠡᠬᠦ ᠳᠤ ᠬᠦᠴᠢᠷ ᠠᠰᠠᠭᠤᠳᠠᠯ ᠢ ᠰᠢᠢᠳᠪᠤᠷᠢᠯᠡᠨ᠂ ᠤᠳᠤ ᠶᠢᠨ ᠲᠠᠷᠢᠶᠠᠯᠠᠩ ᠤᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠰᠢᠶᠤᠤ ᠴᠧᠩ ᠽᠢ ᠲᠣᠰᠬᠤᠨ ᠤ ᠨᠠᠮ ᠤᠨ ᠡᠭᠦᠷ ᠠᠴᠠ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠬᠠᠷᠢᠯᠴᠠᠬᠤ ᠶᠢᠨ ᠬᠠᠮᠲᠤ ᠬᠤᠳᠳᠤᠭ ᠮᠠᠯᠲᠠᠬᠤ ᠡᠯ᠎ᠡ ᠵᠦᠢᠯ ᠤᠨ ᠤᠴᠢᠷ ᠶᠠᠪᠤᠳᠠᠯ ᠢ ᠨᠠᠷᠢᠨ ᠬᠢᠨᠠᠮᠠᠭᠠᠶ ᠲᠥᠯᠥᠪᠯᠡᠵᠦ᠂ ᠲᠣᠰᠬᠤᠨ ᠤ ᠠᠷᠠᠳ ᠤᠨ ᠡᠨᠡ ᠬᠦ ︽ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠦᠨᠡᠨ ᠬᠦ  ᠰᠢᠢᠳᠪᠤᠷᠢᠯᠡᠵᠦ ᠥᠭᠴᠡᠶ᠃    ᠣᠶᠢᠯᠠᠭᠠᠭᠰᠠᠨ ᠢᠶᠠᠷ᠂ ᠰᠢᠶᠤᠤ ᠴᠧᠩ ᠽᠢ ᠲᠣᠰᠬᠤᠨ ᠳᠤ 485 ᠡᠷᠦᠬᠡ ᠪᠠᠶᠢᠩᠭᠤ ᠰᠠᠭᠤᠭ᠎ᠠ ᠬᠥᠮᠦᠨ ᠠᠮᠠ ᠲᠠᠢ᠂ ᠡᠨᠡ  ᠬᠠᠪᠤᠷ ᠪᠣᠷᠣᠭᠠᠨ ᠤᠷᠤᠭ᠎ᠠ ᠥᠬᠡᠶ ᠪᠤᠯᠬᠤᠷ᠂ ᠭᠠᠵᠠᠷ ᠳᠣᠤᠷᠠᠬᠢ ᠤᠰᠤᠨ ᠤ ᠲᠦᠪᠰᠢᠨ ᠦᠷᠭᠦᠯᠵᠢᠯᠡᠨ ᠳᠣᠷᠣᠭᠰᠢᠯᠠᠵᠤ᠂ ᠪᠤᠯᠠᠭ ᠤᠨ ᠤᠰᠤ ᠳᠡᠳᠠᠷᠠᠵᠤ᠂ ᠲᠣᠰᠬᠤᠨ ᠤ ᠠᠷᠠᠳ ᠤᠨ ᠡᠳᠦᠷ ᠲᠤᠲᠤᠮ ᠤᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠤᠯᠤᠭᠠᠳ ᠬᠤᠳᠳᠤᠭ ᠮᠠᠯᠲᠠᠬᠤ ᠶᠠᠪᠤᠳᠠᠯ ᠪᠠᠴᠢᠮ ᠲᠤᠯᠭᠠᠮ ᠪᠣᠯᠤᠭᠰᠠᠨ ᠪᠠᠶᠢᠨ᠎ᠠ᠃ ᠡᠨᠡ ᠬᠦ ᠠᠰᠠᠭᠤᠳᠠᠯ ᠢ ᠰᠢᠢᠳᠪᠤᠷᠢᠯᠡᠬᠦ ᠪᠠᠷ᠂ ᠰᠢᠶᠤᠤ ᠴᠧᠩ ᠽᠢ ᠲᠣᠰᠬᠤᠨ ᠤ ᠨᠠᠮ ᠤᠨ ᠡᠭᠦᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ᠴᠠᠭ ᠲᠤᠬᠠᠢ ᠳᠤᠨᠢ ᠬᠤᠷᠠᠯ ᠬᠤᠷᠠᠯᠳᠤᠭᠤᠯᠤᠨ᠂ ᠪᠡᠯᠡ ᠮᠥᠩᠭᠦ ᠭᠠᠷᠭᠠᠨ ᠬᠤᠳᠳᠤᠭ ᠮᠠᠯᠲᠠᠵᠤ᠂ ᠥᠷᠥᠮᠳᠡᠨ ᠬᠠᠶᠢᠵᠤ᠂ 100 ᠮᠧᠲᠷ ᠤᠨ ᠭᠦᠨ ᠬᠤᠳᠳᠤᠭ ᠮᠠᠯᠲᠠᠬᠤ ᠪᠠᠷ ᠲᠥᠯᠥᠪᠯᠡᠵᠦ᠂ 3 ᠲᠦᠮᠡ ᠭᠠᠷᠤᠢ ᠲᠥᠭᠦᠷᠢᠭ ᠤᠨ ᠪᠡᠯᠡ ᠮᠥᠩᠭᠦ ᠬᠡᠷᠡᠭᠯᠡᠬᠦ ᠪᠠᠷ ᠵᠢᠱᠢᠭᠡᠳ ᠤᠳᠤ ᠶᠠᠭ ᠬᠤᠳᠳᠤᠭ ᠤᠨ ᠣᠷᠣᠨ ᠪᠠᠶᠢᠷᠢ ᠶᠢ ᠲᠣᠭᠲᠠᠭᠠᠬᠤ ᠶᠠᠪᠤᠴᠠ ᠳᠤ ᠪᠠᠶᠢᠨ᠎ᠠ᠃    ᠰᠢᠶᠤᠤ ᠴᠧᠩ ᠽᠢ ᠲᠣᠰᠬᠤᠨ ᠤ ᠨᠠᠮ ᠤᠨ ᠡᠭᠦᠷ ᠤᠨ ᠬᠢᠨ ᠤᠯᠠᠨ ᠲᠦᠮᠡᠨ ᠤ ᠤᠰᠤ ᠬᠡᠷᠡᠭᠯᠡᠬᠦ ᠳᠤ ᠬᠦᠴᠢᠷ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠤᠨ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠠᠷᠠᠳ ᠲᠤ ᠪᠣᠳᠠᠲᠠᠢ ᠶᠠᠪᠤᠳᠠᠯ ᠬᠢᠵᠦ᠂ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ ᠪᠠᠶᠢᠨ᠎ᠠ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号