ᠵᠠᠯᠠᠶᠢᠳ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠭᠠᠯᠳᠤᠯᠭ᠎ᠠ ᠠᠴᠠ ᠡᠮᠦᠨᠡᠬᠢ ᠡᠶᠡᠳᠡᠭᠦᠯᠬᠦ ᠠᠵᠢᠯ ᠤᠨ ᠬᠤᠷᠠᠯ ᠢ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/5/13
   5 ᠰᠠᠷ᠎ᠠ ᠶᠢᠨ 11 ᠤ ᠡᠳᠦᠷ᠂ ᠵᠠᠯᠠᠶᠢᠳ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠭᠠᠯᠳᠤᠯᠭ᠎ᠠ ᠠᠴᠠ ᠡᠮᠦᠨᠡᠬᠢ ᠡᠶᠡᠳᠡᠭᠦᠯᠬᠦ ᠠᠵᠢᠯ ᠢ ᠠᠬᠢᠭᠤᠯᠬᠤ ᠬᠤᠷᠠᠯ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠨᠴᠠ ᠤᠷᠢᠭᠰᠠᠨ ᠡᠶᠡᠳᠡᠭᠦᠯᠦᠭᠴᠢ ᠶᠢ ᠤᠷᠢᠨ ᠲᠣᠮᠢᠯᠠᠬᠤ ᠶᠣᠰᠣᠯᠠᠯ ᠶᠠᠪᠤᠭᠳᠠᠭᠤᠯᠪᠠ᠃    ᠬᠤᠷᠠᠯ ᠠᠴᠠ᠂ ᠡᠶᠡᠳᠡᠭᠦᠯᠬᠦ ᠠᠵᠢᠯ ᠨᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠪᠠᠷ ᠪᠠᠷᠠᠬᠤ ᠦᠭᠡᠢ ᠠᠷᠠᠳ ᠤᠨ ᠰᠠᠨᠠᠭ᠎ᠠ  ᠰᠡᠳᠬᠢᠯ ᠢ ᠤᠶᠢᠯᠠᠭᠠᠬᠤ ᠶᠠᠪᠤᠳᠠᠯ ᠪᠤᠯᠤᠨ᠎ᠠ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠢᠳᠠᠪᠤᠷᠢ ᠶᠢᠨ ᠬᠥᠮᠦᠵᠢᠯ ᠢ ᠴᠢᠬᠤᠯᠠᠴᠢᠯᠠᠨ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠠᠷᠢᠮᠲᠠᠯᠠᠵᠤ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃  ᠡᠶᠡᠳᠡᠭᠦᠯᠬᠦ ᠤᠷ᠎ᠠ ᠮᠡᠷᠭᠡᠵᠢᠯ ᠢ ᠠᠮᠢᠳᠤᠯᠢᠭ ᠢᠶᠠᠷ ᠬᠡᠷᠡᠭᠯᠡᠨ᠂ ᠵᠥᠷᠢᠴᠡᠯ ᠵᠢᠭᠤᠷᠠᠯᠳᠤᠭᠠᠨ ᠢ ᠵᠠᠭᠠᠯᠳᠤᠬᠤ ᠠᠴᠠ ᠡᠮᠦᠨ᠎ᠡ ᠦᠨᠡᠨ ᠬᠦ ᠠᠷᠢᠯᠭᠠᠵᠤ᠂ ᠠᠮᠤᠷ ᠠᠮᠤᠭᠤᠯᠠᠩ ᠵᠠᠯᠠᠶᠢᠳ ᠤᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ᠂ ᠵᠠᠯᠠᠶᠢᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠠᠮᠢᠶ᠎ᠠ ᠪᠥᠬᠦᠶ ᠬᠥᠮᠦᠰ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠭᠠᠯᠳᠤᠯᠭ᠎ᠠ ᠠᠴᠠ ᠡᠮᠦᠨᠡᠬᠢ ᠡᠶᠡᠳᠡᠭᠦᠯᠬᠦ ᠠᠵᠢᠯ ᠳᠤ ᠣᠷᠣᠯᠴᠠᠭᠰᠠᠨ ᠬᠠᠮᠢᠶ᠎ᠠ ᠪᠥᠬᠦᠶ ᠠᠭᠤᠯᠭ᠎ᠠ ᠳᠤ ᠲᠠᠶᠢᠯᠪᠤᠷᠢᠯᠠᠯᠲᠠ ᠬᠢᠭᠰᠡᠨ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠ ᠤᠷᠢᠭᠰᠠᠨ ᠡᠶᠡᠳᠡᠭᠦᠯᠦᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃    ᠣᠶᠢᠯᠠᠭᠠᠭᠰᠠᠨ ᠢᠶᠠᠷ᠂ 2023 ᠣᠨ ᠤ ᠡᠴᠦᠰ ᠲᠤ᠂ ᠵᠠᠯᠠᠶᠢᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠠᠷᠠᠳ ᠤᠨ ᠰᠢᠭᠦᠬᠦ ᠬᠤᠷᠢᠶ᠎ᠠ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ + ᠰᠢᠭᠦᠬᠦ ᠬᠤᠷᠢᠶ᠎ᠠ︾ ᠶᠢᠨ ᠢᠷᠭᠡᠨ ᠤ ᠬᠡᠷᠡᠭ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠤᠷᠢᠯᠡᠬᠦ ᠲᠣᠭᠲᠠᠴᠠ ᠶᠢ ᠰᠦᠪᠡᠭᠴᠢᠯᠡᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠣᠲᠣᠷ᠎ᠠ ᠠᠴᠠ 70 ᠰᠢᠯᠢᠳᠡᠭ ᠠᠷᠠᠳ ᠤᠨ ᠲᠥᠯᠥᠭᠡᠯᠡᠭᠴᠢ ᠶᠢ ᠰᠣᠩᠭᠤᠨ ᠰᠢᠭᠦᠬᠦ ᠬᠤᠷᠢᠶᠠᠨ ᠳᠤ ᠣᠴᠢᠭᠤᠯᠤᠨ ᠣᠨᠴᠠ ᠤᠷᠢᠭᠰᠠᠨ ᠡᠶᠡᠳᠡᠭᠦᠯᠦᠭᠴᠢ ᠪᠣᠯᠭᠠᠵᠤ ᠂ ᠠᠷᠠᠳ ᠤᠨ ᠲᠥᠯᠥᠭᠡᠯᠡᠭᠴᠢᠳ ᠤᠨ ᠠᠷᠠᠳ ᠲᠦᠮᠡᠨ ᠤ ᠳᠤᠮᠳᠠ ᠠᠴᠠ ᠢᠷᠡᠭᠰᠡᠨ᠂ ᠠᠷᠠᠳ ᠲᠦᠮᠡᠨ ᠤ ᠳᠤᠮᠳᠠ ᠦᠨᠳᠦᠰᠦᠯᠡᠭᠰᠡᠨ ᠣᠨᠴᠠᠯᠢᠭ ᠢ ᠭᠦᠢᠴᠡᠳ ᠪᠠᠳᠠᠷᠠᠭᠤᠯᠤᠨ᠂ ᠠᠷᠠᠳ ᠤᠨ ᠰᠢᠭᠦᠬᠦ ᠬᠤᠷᠢᠶᠠᠨ ᠤ ᠵᠠᠭᠠᠯᠳᠤᠯᠭ᠎ᠠ ᠠᠴᠠ ᠡᠮᠦᠨᠡᠬᠢ ᠡᠶᠡᠳᠡᠭᠦᠯᠭᠡ ᠳᠤ ᠢᠳᠡᠪᠬᠢᠲᠡᠶ ᠤᠷᠤᠯᠴᠠᠭᠤᠯᠵᠤ᠂ ᠵᠠᠭᠠᠯᠳᠤᠯᠭ᠎ᠠ ᠶᠢᠨ ᠡᠬᠢ ᠦᠨᠳᠦᠰᠦ ᠶᠢ ᠵᠠᠰᠠᠬᠤ ᠠᠵᠢᠯ ᠢ ᠭᠦᠨᠵᠡᠭᠡᠶᠢᠷᠡᠭᠦᠯᠦᠨ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号