ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/5/13
   5 ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2024 ᠣᠨ ᠤ ᠠᠷᠪᠠᠨ ᠵᠢᠷᠭᠤᠳᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠤᠷᠠᠯ᠂ ᠬᠤᠰᠢᠭᠤᠨ ᠤ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠣᠯᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠥᠪᠯᠡᠯ ᠤᠨ ᠬᠤᠷᠠᠯ ᠢ ᠬᠤᠷᠠᠯᠳᠤᠭᠤᠯᠪᠠ ᠃ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠬᠤᠷᠠᠯ ᠢ ᠡᠷᠭᠢᠯᠡᠪᠡ᠃    ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ 4 ᠰᠠᠷ᠎ᠠ ᠶᠢᠨ 30 ᠤ ᠡᠳᠦᠷ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠯᠠᠶᠢᠳ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠪᠣᠯᠤᠨ ︽5 · 4︾ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠳᠤ ᠵᠢᠭᠠᠵᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠮ ᠠᠴᠠ ᠵᠠᠯᠠᠭᠤᠴᠤᠳ ᠤᠨ ᠠᠵᠢᠯ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠵᠠᠯᠠᠭᠤᠴᠤᠳ ᠤᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠥᠷᠭᠡᠨ ᠤᠯᠠᠨ ᠵᠠᠯᠠᠭᠤᠴᠤᠳ ᠲᠤ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠱᠠᠭᠠᠷᠳᠠᠪᠠ᠃   ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠯᠠᠵᠤ᠂ ︽ᠭᠤᠷᠪᠠ ᠶᠢ ᠬᠠᠮᠢᠶᠠᠷᠬᠤ ᠳᠤ  ᠭᠤᠷᠪᠠᠨ ᠡᠷᠬᠡᠪᠰᠢ ᠶᠢ ᠪᠠᠷᠢᠮᠳᠠᠯᠠᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠴᠢᠩᠭᠠᠳᠬᠠᠵᠤ᠂ ᠪᠣᠯᠪᠠᠰᠤᠷᠠᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠤᠷᠢᠯᠡᠯ᠂ ᠰᠤᠷᠭᠠᠭᠤᠯᠢ ᠵᠡᠷᠭᠡ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠩᠬᠠᠷᠴᠤ᠂ ᠤᠰᠤᠨ ᠤ ᠪᠠᠶᠢᠳᠠᠯ ᠪᠣᠷᠣᠭᠠᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠠᠵᠢᠯ ᠢ ᠤᠷᠢᠳᠴᠢᠯᠠᠨ ᠳᠣᠭᠢᠷᠠᠭᠤᠯᠵᠤ ᠂ ᠠᠶᠤᠯᠭᠦᠢ ᠦᠢᠯᠡᠳᠪᠦᠷᠢᠯᠡᠯ ᠤᠨ  ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ︽ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤ᠂ ᠡᠨᠧᠷᠭᠢ᠂ ᠠᠭᠤᠷᠬᠠᠶ ᠶᠢᠨ ᠭᠠᠷᠤᠯᠲᠠ ᠵᠡᠷᠭᠡ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠤᠨ᠂ ᠭᠠᠵᠠᠷ ᠰᠢᠷᠣᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠪᠠᠷ ᠰᠠᠶᠢᠲᠤᠷ ᠠᠰᠢᠭᠯᠠᠵᠤ᠂ ᠰᠠᠶᠢᠲᠤᠷ ᠬᠠᠮᠠᠭᠠᠯᠠᠵᠤ ᠲᠥᠪᠬᠢᠨᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ᠂ ᠬᠤᠵᠢᠷᠯᠢᠬ ᠭᠠᠵᠠᠷ ᠢ ᠨᠡᠭᠡᠭᠡᠨ ᠠᠰᠢᠭᠯᠠᠬᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠠᠬᠢᠭᠤᠯᠵᠤ᠂ ᠭᠠᠵᠠᠷ ᠰᠢᠷᠣᠶ ᠶᠢ ᠨᠡᠮᠡᠭᠳᠡᠭᠦᠯᠬᠦ᠂ ᠭᠠᠷᠤᠯᠲᠠ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠪᠠ ᠤᠰᠤ ᠠᠷᠪᠢᠯᠠᠬᠤ᠂ ᠪᠤᠷᠳᠤᠭᠤᠷ ᠠᠷᠪᠢᠯᠠᠬᠤ᠂ ᠬᠦᠴᠦ ᠠᠷᠪᠢᠯᠠᠬᠤ ᠬᠠᠷᠠᠯᠲᠠ ᠶᠢ ᠪᠡᠶᠡᠯᠡᠭᠦᠯᠬᠦ ᠬᠡᠷᠡᠭᠳᠡᠢ᠃ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠲᠥᠷᠥᠯ ᠵᠦᠢᠯ ᠳᠤ ᠬᠡᠷᠡᠭᠯᠡᠵᠦ ᠪᠣᠯᠬᠤ ᠣᠶ ᠰᠢᠭᠤᠶ ᠨᠤᠳᠤᠭ ᠪᠡᠯᠴᠢᠭᠡᠷ  ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠵᠤ᠂ ᠠᠮᠢ ᠠᠬᠤᠶ ᠶᠢᠨ ᠥᠷᠲᠡᠭ ᠢ ᠬᠤᠪᠢᠷᠠᠭᠤᠯᠬᠤ ᠠᠷᠭ᠎ᠠ ᠵᠠᠮ ᠢ ᠥᠷᠭᠡᠳᠬᠡᠬᠦ ᠬᠡᠷᠡᠭᠲᠡᠶ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠂ ᠣᠷᠣᠨ ᠲᠣᠭᠠᠨ ᠠᠴᠠ ᠭᠠᠳᠠᠨᠠᠬᠢ ᠬᠥᠮᠦᠰ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠤᠰᠤ ᠠᠷᠪᠢᠯᠠᠬᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠶ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠤᠬᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠡᠶᠢᠭᠡᠮ ᠳᠠᠶᠠᠭᠠᠷ ᠲᠤ ᠠᠷᠪᠢᠯᠠᠨ ᠭᠠᠮᠨᠠᠬᠤ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠳ᠋ ᠤᠨ ᠵᠠᠰᠠᠭ ᠤᠨ ᠲᠥᠰᠦᠪ ᠤᠨ ᠲᠤᠬᠢᠷᠠᠭᠤᠯᠤᠯᠳᠠ ᠶᠢ ᠨᠠᠶᠢᠳᠠᠪᠤᠷᠢᠵᠢᠭᠤᠯᠵᠤ᠂ ᠥᠷᠢ ᠥᠭᠴᠡᠭᠡ ᠶᠢ ᠲᠦᠯᠦᠬᠦ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠥᠷᠢ ᠥᠭᠴᠡᠭᠡ ᠶᠢ ᠠᠷᠢᠯᠭᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠵᠤ᠂ ᠬᠢᠵᠠᠭᠠᠷ ᠲᠠᠢ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤ ᠬᠡᠷᠡᠭᠯᠡᠵᠦ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠵᠠᠯᠠᠶᠢᠳ ᠬᠤᠰᠢᠭᠤᠨ ᠤ ᠤᠳᠤᠷᠢᠳᠤᠯᠭ᠎ᠠ ᠴᠢ ᠯᠢᠨ᠂ ᠮᠠ ᠮᠧᠩ ᠨᠠᠷ ᠬᠤᠷᠠᠯ ᠳᠤ ᠣᠷᠣᠯᠴᠠᠵᠤ᠂ ᠬᠠᠰᠪᠦ᠋ᠬᠡ᠂ ᠴᠧᠩ ᠮᠢᠩ ᠯᠢ ᠨᠡᠷ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号