ᠬᠢᠨᠭ᠍ᠭᠠᠨ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠬᠤᠶᠠᠷ ᠰᠤᠪᠢᠯᠠᠬᠴᠢ ︽ᠰᠢᠯᠢᠳᠡᠭ ᠰᠤᠪᠢᠯᠠᠬᠴᠢ︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2024/5/13
     ᠤᠶᠢᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠡᠮ ᠡᠮᠨᠡᠯᠭᠡ ᠶᠢᠨ ᠨᠡᠶᠢᠭᠡᠮᠯᠢᠭ ᠤᠨ ᠬᠢᠨ ︽5 · 12︾ ᠳᠡᠯᠡᠭᠡᠢ ᠶᠢᠨ ᠰᠤᠪᠢᠯᠠᠬᠴᠢᠳ ᠤᠨ ᠪᠠᠶᠠᠷ ᠲᠤ ᠰᠤᠪᠢᠯᠠᠬᠴᠢᠳ ᠢ ᠬᠦᠬᠢᠬᠦᠯᠤᠨ ᠱᠠᠩᠨᠠᠬᠤ ᠵᠢᠴᠢ ᠮᠤᠩᠭᠤᠯ ᠡᠮᠨᠡᠯᠭᠡ ᠶᠢᠨ ᠰᠤᠪᠢᠯᠠᠯᠳᠠ ᠶᠢ ᠴᠢᠨᠠᠷᠯᠢᠬ ᠬᠦᠭᠵᠢᠬᠦᠯᠬᠦ ᠡᠷᠳᠡᠮ ᠰᠢᠨᠵᠢᠯᠡᠭᠡᠨ ᠤ ᠬᠤᠷᠠᠯ ᠢ ᠬᠤᠷᠠᠯᠳᠤᠭᠤᠯᠵᠦ᠂ ᠬᠢᠨᠭ᠍ᠭᠠᠨ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠨ ᠤ ᠰᠠᠯᠠᠭ᠎ᠠ ᠶᠢᠨ ᠰᠤᠪᠢᠯᠠᠬᠴᠢ ᠶᠢᠨ ᠳᠠᠷᠤᠭ᠎ᠠ ᠪᠤᠤ ᠼᠦᠢ ᠼᠦᠢ ᠪᠤᠯᠤᠨ ᠳᠤᠳᠤᠭᠠᠳᠦ ᠱᠦᠬᠦᠷᠡᠯ ᠤᠨ ᠰᠠᠯᠠᠭ᠎ᠠ ᠶᠢᠨ ᠰᠤᠪᠢᠯᠠᠬᠴᠢ ᠶᠢᠨ ᠳᠠᠷᠤᠭ᠎ᠠ ᠬᠠᠰ ︽ᠰᠢᠯᠢᠳᠡᠭ ᠰᠤᠪᠢᠯᠠᠬᠴᠢ︾ ᠶᠢᠨ ᠢᠷᠡᠭᠤ ᠠᠯᠳᠠᠷ ᠢ ᠭᠥᠷᠳᠡᠪᠡ᠃      ᠬᠢᠨᠭ᠍ᠭᠠᠨ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠨ ᠤ ᠰᠠᠯᠠᠭ᠎ᠠ ᠶᠢᠨ ᠰᠤᠪᠢᠯᠠᠬᠴᠢ ᠶᠢᠨ ᠳᠠᠷᠤᠭ᠎ᠠ ᠪᠤᠤ ᠼᠦᠢ ᠼᠦᠢ᠄ 2003 ᠤᠨ ᠳᠤ ᠬᠢᠨᠭ᠍ᠭᠠᠨ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶ᠎ᠠ ᠪᠠᠷ ᠠᠵᠢᠯ ᠤᠨ ᠭᠠᠷᠤᠭ᠎ᠠ ᠪᠠᠨ ᠠᠪᠴᠦ᠂ ᠤᠷᠢᠳ ᠬᠤᠵᠢᠳ ᠵᠢᠷᠦᠭᠡ ᠠᠭᠤᠰᠬᠢ ᠶᠢᠨ ᠡᠪᠡᠳᠴᠢᠨ ᠤ ᠰᠠᠯᠠᠭ᠎ᠠ᠂ ᠳᠤᠳᠤᠭᠠᠳᠦ ᠱᠦᠬᠦᠷᠡᠯ ᠤᠨ ᠰᠠᠯᠠᠭ᠎ᠠ᠂ ᠪᠦᠭᠡᠷᠡᠨ ᠡᠪᠡᠳᠴᠢᠨ ᠤ ᠰᠠᠯᠠᠭ᠎ᠠ ᠳᠤ ᠠᠵᠢᠯᠯᠠᠵᠦ᠂ 2021 ᠤᠨ ᠤ 1 ᠰᠠᠷ᠎ᠠ ᠳᠤ ᠰᠠᠶ᠋ᠢᠬᠠᠨ ᠪᠠᠶᠢᠭᠤᠯᠤᠬᠳᠠᠬᠰᠠᠨ ICU ᠬᠦᠨᠳᠦ ᠡᠪᠡᠳᠴᠢᠨ ᠤ ᠰᠠᠯᠠᠭ᠎ᠠ ᠳᠤ ᠬᠦᠷᠴᠦ ᠠᠵᠢᠯᠯᠠᠬᠰᠠᠨ ᠪᠠᠶᠢᠨ᠎ᠠ᠃ ᠳᠡᠷᠡ ᠴᠠᠭᠠᠷᠠᠬᠰᠠᠨ ᠳᠤᠰᠬᠠᠢ ᠮᠡᠷᠭᠡᠵᠢᠯ᠂ ᠦᠨᠳᠦᠷ ᠭᠡᠪ ᠪᠤᠯᠪᠠᠰᠤᠷᠠᠯ᠂ ᠬᠠᠷᠢᠭᠤᠴᠠᠯᠭᠠᠳᠦ ᠰᠡᠳᠬᠢᠯ ᠴᠢᠩᠭ᠎ᠠ᠂ ᠡᠪᠡᠳᠴᠢᠳᠡᠨ ᠳᠤ ᠬᠠᠯᠠᠭᠤᠮᠰᠤᠬ ᠦᠢᠯᠡᠴᠢᠯᠡᠳᠡᠭ ᠢᠶᠠᠷ ᠢᠶᠠᠨ ᠬᠠᠮᠳᠦ ᠠᠵᠢᠯᠯᠠᠬᠴᠢᠳ ᠵᠢᠴᠢ ᠡᠪᠡᠳᠴᠢᠳᠡᠳ ᠤᠨ ᠬᠦᠷᠢᠶᠡᠯᠡᠯ ᠮᠠᠬᠳᠠᠭᠠᠯ ᠢ ᠤᠯᠵᠦ᠂ ᠤᠳᠠᠭ᠎ᠠ ᠳᠠᠷᠠᠭᠠᠯᠠᠨ ︽ᠰᠢᠯᠢᠳᠡᠭ ᠰᠤᠪᠢᠯᠠᠬᠴᠢ︾᠂ ︽ᠳᠠᠷᠢᠬᠦᠨ ᠤ ᠠᠵᠢᠯᠯᠠᠬᠴᠢ︾᠂ ︽ᠰᠢᠯᠢᠳᠡᠭ ᠨᠠᠮ ᠤᠨ ᠭᠡᠰᠢᠬᠦᠨ︾᠂ ︽ᠳᠡᠷᠢᠬᠦᠨ ᠤ ᠬᠤᠪᠢ ᠬᠦᠮᠦᠨ︾ ᠵᠡᠷᠭᠡ ᠢᠷᠡᠭᠤ ᠠᠯᠳᠠᠷ ᠢᠶᠠᠷ ᠡᠩᠭᠡᠷ ᠢᠶᠠᠨ ᠮᠢᠶᠠᠯᠭᠠᠨ᠂ ᠪᠦᠬᠦ ᠬᠤᠷᠢᠶ᠎ᠠ ᠶᠢᠨ ᠤᠨᠤᠯ ᠤᠨ ᠰᠢᠯᠭᠠᠯᠳᠠ᠂ ᠤᠷ᠎ᠠ ᠮᠡᠷᠭᠡᠵᠢᠯ ᠤᠨ ᠤᠷᠤᠯᠳᠤᠭᠠᠨ ᠵᠡᠷᠭᠡ ᠳᠤ ᠦᠨᠳᠦᠷ ᠬᠢᠷᠢ ᠪᠦᠳᠤᠮᠵᠢ ᠤᠯᠵᠦ ᠦᠡᠭᠭᠡᠷᠡᠭᠰᠡᠨ ᠮᠦᠷᠳᠡᠭᠡᠨ ᠪᠠᠰᠠ ᠬᠠᠮᠢᠶ᠎ᠠ ᠪᠦᠬᠦᠢ ᠡᠷᠭᠡ ᠰᠦᠷᠳᠦ ᠰᠤᠨᠢᠨ ᠰᠡᠳᠬᠦᠯ ᠳᠡᠭᠡᠷ᠎ᠠ ᠡᠮᠴᠢᠯᠡᠭᠡ ᠰᠤᠪᠢᠯᠠᠯᠳᠠ ᠶᠢᠨ ᠬᠠᠮᠢᠶ᠎ᠠ ᠲᠠᠢ ᠦᠬᠦᠯᠡᠯ ᠢ 10 ᠳᠠᠷᠤᠢ ᠨᠡᠶᠢᠳᠡᠯᠡᠭᠰᠡᠨ ᠪᠠᠶᠢᠨ᠎ᠠ᠃      ᠬᠢᠨᠭ᠍ᠭᠠᠨ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠳᠤᠳᠤᠭᠠᠳᠦ ᠱᠦᠬᠦᠷᠡᠯ ᠤᠨ ᠰᠠᠯᠠᠭ᠎ᠠ ᠶᠢᠨ ᠰᠤᠪᠢᠯᠠᠬᠴᠢ ᠶᠢᠨ ᠳᠠᠷᠤᠭ᠎ᠠ ᠬᠠᠰ᠄ 2011 ᠤᠨ ᠳᠤ ᠬᠢᠨᠭ᠍ᠭᠠᠨ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶ᠎ᠠ ᠳᠤ ᠠᠵᠢᠯ ᠤᠨ ᠭᠠᠷᠤᠭ᠎ᠠ ᠪᠠᠨ ᠠᠪᠴᠦ᠂ ᠨᠢᠭᠡᠨᠳᠡ ᠠᠷᠪᠠ ᠭᠠᠷᠤᠢ ᠵᠢᠯ ᠤᠨ ᠡᠮᠴᠢᠯᠡᠭᠡ ᠰᠤᠪᠢᠯᠠᠯᠳᠠ ᠶᠢᠨ ᠡᠮᠤᠨ᠎ᠠ ᠹᠷᠤᠨᠲ ᠢᠶᠠᠷ ᠠᠵᠢᠯᠯᠠᠬᠰᠠᠨ ᠳᠤᠷᠰᠢᠯᠭ᠎ᠠ ᠲᠠᠢ ᠠᠬᠠᠮᠠᠳ ᠰᠤᠪᠢᠯᠠᠬᠴᠢ ᠪᠤᠯᠬᠤ ᠶᠤᠮ᠃ ᠳᠡᠷᠡ ᠤᠷᠢᠳ ᠬᠤᠵᠢᠳ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠨᠡᠯᠭᠡ ᠶᠢᠨ ᠬᠤᠷᠢᠶ᠎ᠠ᠂ ᠪᠤᠭᠤᠳᠤ ᠶᠢᠨ ᠪᠤᠤ ᠭᠠᠨᠭ᠌ ᠡᠮᠨᠡᠯᠭᠡ ᠶᠢᠨ ᠬᠤᠷᠢᠶ᠎ᠠ᠂ ᠬᠢᠨᠭ᠍ᠭᠠᠨ ᠠᠶᠢᠮᠠᠬ ᠤᠨ ᠠᠷᠠᠤᠨ ᠤᠨ ᠡᠮᠨᠡᠯᠭᠡ ᠶᠢᠨ ᠬᠤᠷᠢᠶ᠎ᠠ ᠵᠡᠷᠭᠡ ᠡᠮᠨᠡᠯᠭᠡ ᠶᠢᠨ ᠬᠤᠷᠢᠶ᠎ᠠ ᠪᠠᠷ ᠳᠠᠪᠳᠠᠨ ᠪᠤᠯᠪᠠᠰᠤᠷᠠᠵᠦ ᠦᠡᠭᠭᠡᠷᠡᠵᠠᠢ᠃ 2018 ᠤᠨ ᠳᠤ ᠬᠢᠨᠭ᠍ᠭᠠᠨ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ︽ᠰᠢᠯᠢᠳᠡᠭ ᠰᠤᠪᠢᠯᠠᠬᠴᠢ︾᠂ 2021 ᠤᠨ ᠳᠤ᠂ ᠬᠦᠯᠦᠨ ᠪᠤᠶᠢᠷ ᠬᠤᠳᠠ ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠲᠦᠪ ᠤᠨ ︽ᠬᠠᠮᠤᠬ ᠤᠨ ᠭᠤᠶᠤ ᠤᠷᠤᠰᠬᠠᠯ ᠰᠦᠷᠦᠬᠴᠢ︾᠂ 2022 ᠤᠨ ᠳᠤ ᠬᠢᠨᠭ᠍ᠭᠠᠨ ᠠᠶᠢᠮᠠᠬ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ︽ᠬᠢᠵᠢᠭ ᠲᠠᠢ ᠳᠡᠮᠡᠴᠡᠭᠰᠡᠨ ᠬᠤᠰᠢᠭᠤᠴᠢ︾᠂ 2023 ᠤᠨ ᠳᠤ ︽ᠳᠡᠷᠢᠬᠦᠨ ᠤ ᠬᠤᠪᠢ ᠬᠦᠮᠦᠨ︾ ᠵᠡᠷᠭᠡ ᠢᠷᠠᠭᠤ ᠠᠯᠳᠠᠷ ᠢ ᠬᠦᠷᠳᠡᠵᠦ ᠦᠡᠭᠭᠡᠷᠡᠭᠰᠡᠨ ᠮᠦᠷᠳᠡᠭᠡᠨ 2018 ᠤᠨ ᠠᠴᠠ 2023 ᠤᠨ ᠪᠤᠯᠳᠡᠯ᠎ᠠ ᠤᠯᠤᠰ ᠤᠨ ᠳᠡᠰ ᠤᠨ ᠰᠡᠳᠬᠦᠯ ᠳᠤ ᠰᠢᠬᠢᠷ ᠰᠢᠵᠢᠩ ᠡᠪᠡᠳᠴᠢᠨ ᠤ ᠤᠨᠤᠰᠢᠯᠠᠯᠳᠠ ᠰᠤᠪᠢᠯᠠᠯᠳᠠ ᠲᠠᠢ ᠬᠠᠮᠢᠶ᠎ᠠ ᠪᠥᠭᠦᠢ ᠦᠬᠦᠯᠡᠯ ᠢ ᠤᠯᠠᠨᠳᠠ ᠨᠡᠶᠢᠳᠡᠯᠡᠪᠡ᠃      ᠰᠤᠪᠢᠯᠠᠬᠴᠢ ᠶᠢᠨ ᠠᠵᠢᠯ ᠪᠤᠯ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠠᠵᠢᠯ ᠤᠨ ᠴᠢᠬᠤᠯᠠ ᠪᠦᠷᠢᠯᠳᠦᠬᠦᠨ ᠭᠡᠰᠡᠭ ᠪᠤᠯᠬᠤ ᠶᠤᠮ᠃ ︽5 · 12︾ ᠳᠡᠯᠡᠭᠡᠢ ᠶᠢᠨ ᠰᠤᠪᠢᠯᠠᠬᠴᠢᠳ ᠤᠨ ᠪᠠᠶᠠᠷ ᠲᠤ᠂ ᠳᠡᠳᠡᠭᠡᠷ ᠤᠯᠠᠨ ᠦᠭᠡ ᠳᠠᠭᠤᠨ ᠦᠭᠡᠢ ᠪᠠᠷ ᠠᠵᠢᠯ ᠤᠨ ᠪᠠᠶᠢᠷᠢ ᠳᠡᠭᠡᠷ᠎ᠠ ᠪᠠᠨ ᠵᠢᠳᠬᠦᠵᠦ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠡᠮᠴᠢ ᠰᠤᠪᠢᠯᠠᠬᠴᠢᠳ ᠤᠨ ᠦᠬᠦᠯ ᠠᠴᠠ ᠠᠪᠤᠷᠠᠵᠦ ᠰᠢᠷᠬᠠᠳᠤᠬᠰᠠᠳ ᠢ ᠳᠡᠩᠭᠡᠷᠡᠬᠦᠯᠬᠦ ᠤᠬ ᠰᠠᠨᠠᠭ᠎ᠠ ᠪᠠᠨ ᠦᠢᠯᠡᠳᠤᠯᠭᠡᠵᠢᠬᠦᠯᠵᠦ ᠶᠠᠪᠤᠭ᠎ᠠ ᠡᠷᠡᠬᠦᠯ ᠡᠩᠭᠡ ᠶᠢᠨ ᠡᠯᠴᠢᠳ ᠲᠡᠭᠡᠨ ᠪᠠᠶᠠᠷ ᠤᠨ ᠡᠳᠦᠷ ᠤᠨ ᠮᠠᠨᠳᠦᠴᠢᠯᠡᠯ ᠢᠶᠠᠨ ᠳᠠᠪᠰᠢᠬᠦᠯᠦᠶ᠎ᠠ᠃      ︵ᡁᠢ ᠮᠢᠨ  ᠰᠤ᠋ ᠺᠦᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号