ᠵᠠᠰᠠᠭ ᠤᠨ ᠣᠷᠳᠣᠨ ᠤ ᠴᠢᠬᠤᠯᠠ ᠶᠠᠪᠤᠳᠠᠯ ᠤᠨ ᠲᠡᠮᠳᠡᠭᠯᠡᠯ ︵2024 ᠤᠨ ᠤ 2 ᠰᠠᠷ᠎ᠠ ᠶᠢᠨ 1 ᠤ ᠡᠳᠦᠷ ᠠᠴᠠ 29 ᠤ ᠡᠳᠦᠷ︶ ︵ᠬᠤᠶᠠᠷ︶
ᠨᠡᠶᠢᠲᠡᠯᠡᠭᠰᠡᠨ ᠴᠠᠭ᠄
2024/5/13
      ᠬᠤᠶᠠᠷ᠂ ᠴᠢᠬᠤᠯᠠ ᠠᠵᠢᠯᠯᠠᠭ᠎ᠠ    1 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠢᠶᠠᠷ ᠬᠦᠷᠴᠦ ᠬᠤᠷᠠᠯ ᠳᠤ ᠣᠷᠣᠯᠴᠠᠪᠠ᠃ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠬᠢᠨᠠᠨ ᠪᠤᠳᠤᠬᠤ ᠠᠵᠢᠯ ᠤᠨ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠢ ᠶᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠣᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠱᠦᠵᠢ ᠨᠠᠷ ᠤᠨ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠦᠮᠦᠰ ᠲᠤ ᠪᠠᠷ᠎ᠠ ᠪᠤᠯᠵᠤ ᠠᠷᠪᠡᠨᠭᠡᠷ ᠨᠠᠰᠤᠲᠠᠨ ᠢ ᠠᠰᠠᠷᠠᠬᠤ ᠬᠦᠷᠢᠶᠡᠯᠡᠩ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠤᠰᠢᠭᠤᠨ ᠤ ᠰᠣᠶᠣᠯ ᠤᠬᠠᠭᠤᠯᠭ᠎ᠠ ᠶᠢᠨ ᠲᠥᠪ ᠲᠤ ᠬᠤᠪᠢᠰᠬᠠᠯᠲᠤ ᠨᠠᠮ ᠤᠨ ᠬᠢᠴᠢᠶᠡᠯ ︽ᠡᠪ ᠬᠠᠮᠲᠤᠴᠤᠳ ᠤᠨ ᠭᠤᠷᠪᠠᠨ ᠵᠦᠢᠯ ᠤᠨ ᠬᠠᠶᠢᠷ᠎ᠠ ᠰᠡᠳᠬᠢᠯᠭᠡ︾ ᠶᠢ ᠰᠤᠨᠢᠷᠬᠠᠪᠠ᠃ ᠭᠤᠸᠠᠩ ᠮᠢᠩ ᠨᠡᠶᠢᠭᠡᠮ ᠲᠣᠭᠤᠷᠢᠭ ᠤᠨ ᠭᠤᠤᠯᠳᠠᠯᠭ᠎ᠠ ᠲᠠᠢ ᠲᠠᠯᠠᠪᠤᠷ ᠢᠶᠠᠷ ᠬᠦᠷᠴᠦ ᠭᠠᠯ ᠤᠨ ᠠᠶᠤᠯ ᠤᠨ ᠳᠠᠯᠳᠠ ᠬᠡᠮ ᠤᠨ ᠪᠠᠶᠢᠴᠠᠭᠠᠯᠳᠠ ᠦᠷᠨᠢᠭᠦᠯᠵᠡᠢ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠰᠦᠨ ᠰᠢᠩ ᠢᠦᠶ ᠳᠤ ᠪᠠᠷ᠎ᠠ ᠪᠣᠯᠵᠣ ᠪᠡᠭᠡᠵᠢᠩ ᠤᠨ ᠵᠥᠩ ᠮᠥ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠷ ᠬᠦᠷᠴᠦ ᠠᠵᠢᠯ ᠪᠠᠶᠢᠴᠠᠭᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠰᠢᠩ ᠢᠦᠶ ᠳᠤ ᠪᠠᠷ᠎ᠠ ᠪᠣᠯᠵᠣ ᠪᠡᠭᠡᠵᠢᠩ ᠤᠨ ᠰᠢᠶᠠᠩ ᠳ᠋ᠠ ᠷᠦᠢ ᠯᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ  ᠪᠠᠷ ᠬᠦᠷᠴᠦ ᠮᠢᠬᠠᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠢ ᠵᠣᠯᠭᠠᠭᠤᠯᠤᠨ ᠠᠬᠢᠭᠤᠯᠪᠠ᠃    2 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠪᠦᠯᠬᠦᠮ ᠳᠠᠭᠠᠭᠤᠯᠤᠨ ᠢ ᠮᠢᠨ ᠵᠠᠮ ᠤᠨ ᠨᠡᠶᠢᠭᠡᠮ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠤᠪᠢᠶᠠᠷᠢ ᠬᠤᠷᠠᠯ ᠤᠨ ᠲᠠᠯᠠᠪᠠᠶ ᠳᠤ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠤᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠳᠤ ᠣᠷᠣᠯᠴᠠᠪᠠ᠃ ᠠᠬᠠᠮᠠᠳ ᠺᠠᠳ᠋ᠷᠴᠤᠳ ᠢ ᠲᠣᠬᠤᠨᠢᠭᠤᠯᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠪᠤᠯᠭᠠᠨᠬᠤᠸᠠ ᠰᠤᠮᠤᠨ ᠳᠤ ᠬᠦᠨᠵᠡᠭᠡᠶᠢᠷᠡᠨ ᠲᠠᠪᠤᠨ ᠪᠠᠲᠤᠯᠠᠭᠠᠲᠤ ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠠᠰᠠᠷᠠᠨ ᠬᠠᠷᠠᠭᠠᠯᠵᠠᠬᠤ ᠴᠢᠬᠤᠯᠠᠳᠠᠢ ᠬᠥᠮᠦᠰ ᠢ ᠲᠣᠬᠤᠨᠢᠭᠤᠯᠵᠠᠶ᠃    3 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠶᠢᠮᠠᠭ ᠤᠨ ᠳᠡᠳ᠋ ᠳᠠᠷᠤᠭ᠎ᠠ ᠾᠧ ᠯᠢ ᠸᠧᠢ ᠳᠤ ᠪᠠᠷ᠎ᠠ ᠪᠤᠯᠵᠤ ᠪᠦᠭᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠪᠠ᠃    1 — 3 ᠤ ᠡᠳᠦᠷ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠬᠥᠬᠡᠬᠤᠲᠠ ᠳᠤ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠤ ᠣᠷᠣᠯᠴᠠᠪᠠ᠃    4 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠴᠧᠨ ᠬᠠᠶ ᠱᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠴᠧᠨ ᠬᠠᠶ ᠱᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠬᠤᠪᠢ ᠬᠥᠮᠦᠨ ᠤ ᠬᠠᠮᠢᠶ᠎ᠠ ᠪᠥᠬᠦᠶ ᠤᠴᠢᠷ ᠶᠠᠪᠤᠳᠠᠯ ᠢᠶᠠᠨ ᠮᠡᠳᠡᠭᠦᠯᠬᠦ ᠪᠣᠯᠪᠠᠰᠤᠷᠠᠯ ᠤᠨ ᠬᠤᠷᠠᠯ ᠳᠤ ᠣᠷᠣᠯᠴᠠᠪᠠ᠃   5 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠴᠧᠨ ᠬᠠᠶ ᠱᠠᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠥᠷᠭᠡᠳᠬᠡᠭᠰᠡᠨ ᠬᠤᠷᠠᠯ ᠳᠤ ᠣᠷᠣᠯᠴᠠᠪᠠ᠃ ᠬᠤᠰᠢᠭᠤᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠣᠯᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠶᠣᠰᠣ ᠰᠤᠷᠲᠠᠬᠤᠨ ᠤ ᠵᠢᠱᠢᠶᠡᠴᠢ ᠶᠢ ᠲᠤᠬᠤᠨᠢᠭᠤᠯᠪᠠ᠃ 2023 ᠣᠨ ᠤ ᠠᠶᠢᠮᠠᠭ ᠤᠨ ᠨᠠᠮ ᠤᠨ ᠬᠤᠷᠢᠶ᠎ᠠ ᠶᠢᠨ ᠵᠠᠯᠠᠶᠢᠳ ᠬᠤᠰᠢᠭᠤᠨ ᠤ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠬᠢᠨᠠᠨ ᠰᠢᠯᠭᠠᠬᠤ ᠶᠡᠭᠡ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠳᠤ ᠣᠷᠣᠯᠴᠠᠵᠠᠶ᠃    6 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠠᠬᠠᠮᠠᠳ ᠺᠠᠳ᠋ᠷ ᠪᠣᠯᠤᠨ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠪᠠ᠃ ᠠᠶᠢᠮᠠᠭ ᠤᠨ ᠳᠠᠷᠤᠭ᠎ᠠ ᠰᠦᠬᠡ ᠳᠤ ᠪᠠᠷ᠎ᠠ ᠪᠤᠯᠵᠤ ᠪᠤᠯᠭᠠᠨᠬᠤᠸᠠ ᠰᠤᠮᠤᠨ ᠳᠤ ᠬᠦᠷᠴᠦ ᠠᠬᠠᠮᠠᠳ ᠺᠠᠳ᠋ᠷ ᠪᠣᠯᠤᠨ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠪᠠ᠃    ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠳᠤ ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 6 ᠳ᠋ᠤᠭᠠᠷ ᠤᠳᠠᠭᠠᠨ  ᠤ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠦᠮᠦᠰ ᠲᠤ ᠪᠠᠷ᠎ᠠ ᠪᠤᠯᠵᠤ ᠠᠷᠠᠳ ᠤᠨ ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠢᠯᠡᠳᠪᠤᠷᠢᠯᠡᠯ ᠤᠨ ᠠᠵᠢᠯ ᠢ ᠪᠠᠶᠢᠴᠠᠭᠠᠪᠠ᠃ ᠬᠢᠩᠭᠠᠨ ᠠᠶᠢᠮᠠᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠸᠢᠳᠢᠣ᠋ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠳᠤ ᠣᠷᠣᠯᠴᠠᠵᠠᠶ᠃  7 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠰᠢᠤᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠪᠢᠶᠠᠷᠢ ᠬᠤᠷᠠᠯ ᠤᠨ ᠲᠠᠯᠠᠪᠠᠶ ᠳᠤ ᠬᠢᠩᠭᠠᠨ ᠠᠶᠢᠮᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠤ ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠤ ᠣᠷᠣᠯᠴᠠᠪᠠ᠃    11 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠪᠡ᠃    ᠲᠤᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠵᠠᠰᠠᠭ ᠤᠨ ᠶᠠᠪᠤᠳᠠᠯ ᠤᠨ ᠵᠢᠵᠢᠭᠦᠷ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠶ᠃    15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠤᠳᠤᠷᠢᠳᠤᠯᠭ᠎ᠠ ᠶᠢᠨ ᠵᠢᠵᠢᠭᠦᠷ ᠤᠨ ᠲᠠᠰᠤᠭ ᠲᠤ ᠠᠯᠪᠠᠯᠠᠪᠠ᠃    18 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠴᠣᠣᠯ ᠴᠥᠭᠦᠷᠥᠮ ᠢᠶᠠᠷ ᠬᠦᠷᠴᠦ ᠡᠪᠦᠯ ᠤᠨ ᠤᠯᠠᠷᠢᠯ ᠤᠨ ᠲᠣᠬᠢᠷᠠᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃   19 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠴᠧᠨ ᠬᠠᠶ ᠱᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠵᠣᠯᠭᠠᠭᠤᠯᠬᠤ ᠬᠤᠷᠠᠯ ᠳᠤ ᠣᠷᠣᠯᠴᠠᠪᠠ᠃ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠠᠶᠢᠮᠠᠭ ᠤᠨ ᠵᠠᠬᠢᠷᠭ᠎ᠠ ᠶᠢᠨ ᠪᠥᠬᠦᠳᠡ ᠬᠤᠷᠠᠯ ᠵᠢᠴᠢ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠵᠢᠯ ᠤᠨ ᠹᠷᠣᠨᠲ ᠤᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠲᠣᠬᠢᠷᠠᠭᠤᠯᠪᠠ᠃ ᠬᠤᠪᠢᠶᠠᠷᠢ ᠬᠤᠷᠠᠯ ᠤᠨ ᠲᠠᠯᠠᠪᠠᠢ ᠳᠤ ᠠᠶᠢᠮᠠᠭ ᠤᠨ ᠵᠠᠬᠢᠷᠭ᠎ᠠ ᠶᠢᠨ ᠪᠦᠬᠦᠳᠡ ᠬᠤᠷᠠᠯ ᠵᠢᠴᠢ ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠤ ᠣᠷᠣᠯᠴᠠᠵᠠᠢ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠪᠣᠯᠤᠨ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠤᠸᠠ ᠱᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠢᠦᠢ ᠽᠧ ᠲᠠᠢ ᠤᠰᠤᠨ ᠲᠤᠲᠤᠷᠭ᠎ᠠ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠠᠬᠢᠭᠤᠯᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠵᠠᠬᠢᠷᠭ᠎ᠠ ᠶᠢᠨ ᠪᠥᠬᠦᠳᠡ ᠬᠤᠷᠠᠯ ᠵᠢᠴᠢ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠤ ᠣᠷᠣᠯᠴᠠᠵᠠᠶ᠃    20 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠠᠵᠢᠯ ᠤᠨ ᠹᠷᠣᠨᠲ ᠤᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠲᠣᠬᠢᠷᠠᠭᠤᠯᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠬᠢᠩᠭᠠᠨ ᠠᠶᠢᠮᠠᠭ ᠤᠨ ᠶᠢᠨ ᠹᠧᠩ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠬᠦᠷᠴᠦ ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ ᠬᠥᠭᠵᠢᠭᠦᠯᠦᠯᠲᠡ ᠵᠢᠴᠢ ᠪᠣᠬᠢᠷᠲᠤᠯ ᠣᠢᠭᠡᠢ ᠮᠧᠲ᠋ᠢᠯ ᠠᠯᠺᠤᠤᠯ ᠤᠨ ᠦᠢᠯᠡᠳᠪᠦᠷᠢᠯᠡᠯ ᠤᠨ ᠲᠦᠷᠦᠯ ᠵᠦᠢᠯ ᠤᠨ ᠠᠬᠢᠴᠠ ᠶᠢ ᠠᠬᠢᠭᠤᠯᠵᠠᠢ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ᠂ ᠵᠥᠩ ᠭᠤᠸᠠᠩ  ᠾᠧ ᠺᠣᠮᠫᠠᠨᠢ ︵ᠬᠢᠩᠭᠠᠨ ᠠᠶᠢᠮᠠᠭ︶ ᠶᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠪᠠᠷ ᠬᠦᠷᠴᠦ 30MW ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ ᠬᠥᠭᠵᠢᠭᠦᠯᠦᠯᠲᠡ ᠶᠢᠨ ᠳᠦᠷᠦᠯ ᠵᠦᠢᠯ ᠤᠨ ᠠᠬᠢᠴᠠ ᠶᠢ ᠵᠣᠯᠭᠠᠭᠤᠯᠤᠨ ᠠᠬᠢᠭᠤᠯᠵᠠᠶ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠠᠶᠢᠮᠠᠭ ᠤᠨ ᠵᠠᠬᠢᠷᠭ᠎ᠠ ᠪᠠᠷ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠥᠩᠭᠦᠨ ᠭᠦᠢᠯᠭᠡᠭᠡᠨ ᠤ ᠬᠦᠴᠦᠨ ᠢ ᠬᠤᠷᠠᠮᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ︾ ᠵᠠᠰᠠᠭ ᠤᠨ ᠣᠷᠳᠣᠨ ᠮᠦᠩᠭᠦᠨ ᠭᠦᠢᠯᠭᠡᠭᠡ ᠠᠵᠤ ᠠᠬᠤᠶᠢᠯᠠᠯ ᠤᠨ ᠵᠣᠯᠭᠠᠭᠤᠯᠬᠤ ᠬᠤᠷᠠᠯ ᠳᠤ ᠣᠷᠣᠯᠴᠠᠪᠠ᠃ 21 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠪᠢᠶᠠᠷᠢ ᠬᠤᠷᠠᠯ ᠤᠨ ᠲᠠᠯᠠᠪᠠᠢ ᠳᠤ ᠬᠢᠩᠭᠠᠨ ᠠᠶᠢᠮᠠᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠤᠨ ᠭᠤᠴᠢᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠪᠠ᠃    ᠲᠤᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠳᠦᠷᠤ ᠬᠠᠤᠯᠢ ᠴᠠᠭᠠᠵᠠ ᠶᠢᠨ ᠠᠵᠢᠯ ᠤᠨ ᠬᠤᠷᠠᠯ ᠳᠤ ᠣᠷᠣᠯᠴᠠᠪᠠ᠃    21 — 22 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠤᠢ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠪᠠᠷ ᠬᠦᠷᠴᠦ ᠲᠦᠷᠦᠯ ᠵᠦᠢᠯ ᠤᠨ ᠪᠡᠯᠡ ᠮᠥᠩᠭᠦ ᠶᠢᠨ ᠲᠤᠬᠠᠢ ᠵᠦᠪᠳᠡᠯᠴᠡᠪᠡ᠃    23 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠯᠢᠦ ᠴᠧᠩ ᠫᠷᠤᠹᠧᠰᠰᠤᠷ ᠤᠨ ᠵᠣᠬᠢᠶᠠᠭᠰᠠᠨ ︽ᠨᠤᠲᠤᠭ ᠤᠨ ᠰᠠᠯᠬᠢ︾ ᠭᠡᠬᠦ ᠲᠠᠭᠤᠤ ᠬᠦᠭᠵᠢᠮ ᠤᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠤ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠳᠤ ᠵᠢᠵᠢᠭᠦᠷᠯᠡᠪᠡ᠃ ᠢᠨᠳᠡᠷ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠣᠯ ᠵᠢᠷᠭᠠᠯᠲᠤ ᠨᠣᠮ ᠤᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠪᠡ᠃    ᠲᠤᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ︽ᠰᠠᠷ᠎ᠠ ᠶᠢᠨ ᠡᠭᠡᠯᠵᠢᠲᠦ ᠬᠤᠷᠠᠯ︾ ᠳᠤ ᠣᠷᠣᠯᠴᠠᠪᠠ᠃    21 — 23 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠬᠥᠬᠡᠬᠤᠲᠠ ᠪᠠᠷ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠤᠨ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ ᠲᠤ 2024 ᠣᠨ ᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠯᠠ ᠮᠥᠩᠭᠦ ᠶᠢᠨ ᠲᠣᠬᠢᠷᠠᠭᠤᠯᠤᠯᠲᠠ ᠶᠢ ᠵᠣᠯᠭᠠᠭᠤᠯᠪᠠ᠃   24 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2024 ᠣᠨ ᠤ 7 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2024 ᠣᠨ ᠤ 8 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 7 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ᠂ ᠸᠠᠨ ᠲᠠᠢ ᠢᠦᠢ ᠬᠤ᠋ ᠸᠠᠨ ᠢᠶᠠᠷ ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠪᠠᠶᠢᠴᠠᠭᠠᠪᠠ᠃    25 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠬᠤᠯᠪᠤᠭ᠎ᠠ ᠪᠠᠯᠭᠠᠰᠤᠨ ᠤ ᠬᠤᠲᠠ ᠬᠥᠳᠡᠭᠡ ᠶᠢᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠨᠡᠮᠡᠭᠳᠡᠯ  ᠬᠤᠷᠤᠭᠳᠠᠯ ᠲᠠᠢ ᠨᠢ ᠬᠤᠯᠪᠤᠭᠳᠠᠭᠤᠯᠬᠤ ᠠᠵᠢᠯ ᠤᠨ ᠶᠠᠪᠤᠳᠠᠯ ᠢ ᠰᠤᠳᠤᠯᠵᠠᠶ᠃    26 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠢᠦᠶ ᠶᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠳᠤ ᠣᠷᠣᠯᠴᠠᠪᠠ᠃    ᠲᠣᠰ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠵᠢᠶ ᠯᠦᠩ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠬᠢᠨᠠᠨ ᠰᠢᠯᠭᠠᠬᠤ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠨᠡᠶᠢᠭᠡᠮ ᠤᠨ ᠵᠠᠰᠠᠯᠲᠠ ᠶᠢᠨ ᠲᠥᠪ ᠤᠨ 302 ᠸᠢᠳᠢᠤ᠋ ᠬᠤᠷᠠᠯ ᠤᠨ ᠬᠡᠷ ᠲᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ᠂ ᠬᠤᠸᠠ ᠱᠧᠩ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢ ᠵᠣᠬᠢᠶᠠᠨ ᠪᠠᠶᠢᠭᠤᠯᠵᠤ ᠬᠢᠩᠭᠠᠨ ᠠᠶᠢᠮᠠᠭ ᠤᠨ ᠴᠢᠶᠠᠨ ᠱᠧᠩ ᠪᠣᠷᠲᠣᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠬᠦᠷᠴᠦ ᠠᠵᠤ ᠠᠬᠤᠶᠢᠯᠠᠯ ᠤᠨ ᠦᠢᠯᠡᠳᠪᠤᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠪᠠ᠃    ᠲᠤᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠡᠶ᠃    27 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠴᠢ ᠯᠢᠨ ᠦᠳᠡ ᠶᠢᠨ ᠡᠮᠦᠨ᠎ᠡ ᠨᠢ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ᠂ ᠦᠳᠡ ᠶᠢᠨ ᠬᠤᠶᠢᠨ᠎ᠠ ᠨᠢ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠬᠡᠯᠲᠡᠰ ᠠᠴᠠ ᠰᠦᠨ ᠰᠢᠩ ᠢᠦᠢ ᠱᠦᠵᠢ ᠶᠢ ᠬᠢᠨᠠᠨ ᠰᠢᠯᠭᠠᠬᠤ ᠬᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠪᠡᠭᠡᠵᠢᠩ ᠤᠨ ᠵᠥᠩ ᠬᠠᠶ ᠵᠢᠶ ᠶᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠠᠶ᠃    ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠪᠡᠭᠡᠵᠢᠩ ᠤᠨ ᠵᠥᠩ ᠬᠠᠶ ᠵᠢᠶ ᠶᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤ ᠬᠢᠭᠡᠳ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠰᠠᠭ ᠤᠨ ᠤᠷᠳᠤᠨ ᠪᠠ ᠰᠤᠷᠭᠠᠭᠤᠯᠢ ᠶᠢᠨ ᠬᠠᠮᠲᠤᠷᠠᠯᠴᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ ᠵᠠᠯᠠᠶᠢᠳ ᠬᠤᠰᠢᠭᠤᠨ ᠤ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠶ ᠶᠢ ᠳᠡᠮᠵᠢᠬᠦ ᠵᠠᠰᠠᠭ ᠤᠨ ᠤᠷᠳᠤᠨ ᠮᠦᠩᠭᠦᠨ ᠬᠦᠢᠯᠭᠡᠭᠡ ᠠᠵᠤ ᠠᠬᠤᠶᠢᠯᠠᠯ ᠤᠨ ᠵᠣᠯᠭᠠᠭᠤᠯᠬᠤ ᠬᠤᠷᠠᠯ ᠤᠨ ᠶᠠᠷᠢᠯᠴᠠᠬᠤ ᠬᠤᠷᠠᠯ ︵ᠵᠧᠵᠢᠶᠠᠩ ᠤᠨ ᠬᠤᠳᠠᠯᠳᠤᠭᠠᠨ ᠤ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ︶ ᠳᠤ ᠣᠷᠣᠯᠴᠠᠪᠠ᠃    29 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠶ ᠯᠦᠩ ᠥᠪᠥᠷ ᠮᠣᠩᠭᠤᠯ ᠤᠨ ︽ᠱᠦ ᡁᠢ ᠭᠠᠨ ᠵᠢᠶᠣᠣ︾ ᠲᠠᠪᠴᠠᠩ ᠤᠨ ︽ᠤᠮᠠᠷᠠᠲᠤ ᠶᠢᠨ ᠡᠭᠦᠯᠡᠨ ᠲᠠᠪᠴᠠᠩ  ᠤᠨ ᠬᠢᠴᠢᠶᠡᠯ ᠤᠨ ᠲᠠᠩᠬᠢᠮ︾ ᠤᠨ ᠲᠥᠪᠯᠡᠷᠡᠩᠭᠦᠶ ᠸᠢᠳᠢᠤ᠋ ᠪᠣᠯᠪᠠᠰᠤᠷᠠᠯ ᠳᠤ ᠣᠷᠣᠯᠴᠠᠪᠠ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠶ ᠱᠠᠨ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠲᠥᠷᠥ ᠶᠢᠨ ᠤᠬᠠᠭᠠᠨ ᠤ ᠰᠤᠳᠤᠯᠬᠤ ᠭᠠᠵᠠᠷ ᠤᠨ ᠬᠠᠮᠢᠶ᠎ᠠ ᠪᠦᠬᠦᠢ ᠬᠦᠮᠦᠰ ᠲᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠡᠶ᠃    ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠵᠠᠰᠠᠭ  ᠤᠨ ᠤᠷᠳᠤᠨ ᠠᠵᠤ ᠠᠬᠤᠶᠢᠯᠠᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号