ᠢᠨᠳᠡᠷ ᠪᠠᠯᠭᠠᠰᠤ 2024 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢᠨ ᠬᠤᠶᠠᠳᠤᠭᠠᠷ ᠤᠯᠠᠷᠢᠯ ᠤᠨ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠡᠢ
ᠨᠡᠶᠢᠲᠡᠯᠡᠭᠰᠡᠨ ᠴᠠᠭ᠄
2024/5/14
       5 ᠰᠠᠷ᠎ᠠ ᠶᠢᠨ 13 ᠤ ᠡᠳᠦᠷ᠂ ᠵᠠᠯᠠᠶᠢᠳ ᠬᠤᠰᠢᠭᠤᠨ ᠤ ᠢᠨᠳᠡᠷ ᠪᠠᠯᠭᠠᠰᠤ 2024 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢᠨ ᠬᠤᠶᠠᠳᠤᠭᠠᠷ ᠤᠯᠠᠷᠢᠯ ᠤᠨ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠬᠡᠰᠡᠭ ᠨᠠᠮ ᠵᠠᠰᠠᠭ ᠤᠨ ᠪᠠᠭ ᠤᠨ ᠪᠦᠷᠢᠯᠳᠦᠬᠦᠨ᠂ ᠡᠯ᠎ᠡ ᠥᠷᠲᠡᠭᠡ ᠠᠯᠪᠠᠨ ᠬᠡᠷ ᠤᠨ ᠳᠠᠷᠤᠭ᠎ᠠ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ᠂ ᠨᠢᠭᠡᠳᠦᠭᠡᠷ ᠱᠦᠵᠢ ᠪᠣᠯᠤᠨ ᠶᠠᠳᠠᠭᠤ ᠶᠢ ᠲᠡᠳᠬᠦᠬᠦ ᠲᠤᠰᠬᠠᠶ ᠺᠠᠳ᠋ᠷ ᠬᠤᠷᠠᠯ ᠳᠤ ᠣᠷᠣᠯᠴᠠᠵᠠᠶ᠃    ᠬᠤᠷᠠᠯ ᠠᠴᠠ ︽ᠵᠠᠯᠠᠶᠢᠳ ᠬᠤᠰᠢᠭᠤᠨ ᠤ 2024 ᠣᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾ ᠳᠤ ᠨᠠᠷᠢᠨ ᠲᠠᠶᠢᠯᠤᠮᠵᠢ ᠬᠢᠭᠰᠡᠨ ᠪᠥᠭᠡᠳ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ᠂ ᠡᠷᠦᠬᠡ ᠪᠠᠷ ᠬᠦᠷᠴᠦ ᠬᠦᠰᠦᠨᠦᠭ ᠲᠠᠭᠯᠠᠬᠤ᠂ ᠣᠷᠣᠯᠭ᠎ᠠ ᠶᠢ ᠪᠤᠳᠤᠬᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠲᠠᠯ᠎ᠠ ᠪᠠᠷ ᠪᠣᠯᠪᠠᠰᠤᠷᠠᠯ ᠬᠢᠵᠡᠢ᠃    ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ ᠠᠵᠢᠯ ᠤᠨ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ ᠪᠠᠰᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号