| | ᠮᠠᠰᠢ ᠤᠯᠠᠨ ᠥᠨᠳᠥᠷ ᠳᠤᠮᠳᠠᠳᠤ ᠶᠢᠨ ᠰᠤᠷᠤᠭᠴᠢᠳ ᠪᠦᠷ ᠪᠡᠶ᠎ᠡ ᠶᠢᠨ ᠲᠠᠮᠢᠷ ᠤᠨ ᠪᠣᠯᠪᠠᠰᠤᠷᠠᠯ ᠢᠶᠠᠨ | ᠪᠠᠷᠢᠮᠲᠠᠯᠠᠬᠤ ᠳᠠᠳᠬᠠᠯ ᠲᠠᠢ ᠪᠠᠶᠢᠳᠠᠭ᠃ ᠵᠢᠮ᠎ᠡ ᠶᠣᠰᠣ ᠲᠠᠢ ᠬᠥᠳᠡᠯᠭᠡᠭᠡᠨ ᠬᠢᠬᠦ ᠨᠢ ᠰᠤᠷᠤᠭᠴᠢᠳ ᠤᠨ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ᠂ ᠰᠤᠷᠤᠯᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ ᠶᠢ | ᠳᠡᠭᠡᠭᠰᠢᠯᠡᠭᠦᠯᠬᠦ᠂ ᠰᠠᠨᠳᠤᠷᠬᠤ ᠶᠢ ᠨᠠᠮᠳᠠᠭᠤᠯᠬᠤ ᠳᠤ ᠠᠰᠢᠭᠲᠠᠢ ᠪᠠᠶᠢᠳᠠᠭ᠃ ᠰᠢᠯᠭᠠᠯᠲᠠ ᠶᠢᠨ ᠡᠮᠦᠨ᠎ᠡ ᠬᠤᠶᠢᠨ᠎ᠠ | ᠵᠣᠬᠢᠰᠲᠠᠢ ᠬᠥᠳᠡᠯᠭᠡᠭᠡᠨ ᠬᠢᠬᠦ ᠨᠢ ᠲᠠᠷᠤᠭᠠᠰᠦ ᠶᠢ ᠬᠥᠩᠭᠡᠷᠡᠭᠦᠯᠬᠦ ᠳᠤ ᠠᠰᠢᠭᠲᠠᠢ ᠶᠤᠮ᠃ ᠱᠠᠩᠬᠠᠢ ᠶᠢᠨ ᠪᠠᠭᠰᠢ ᠶᠢᠨ | ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠵᠠᠩ ᠵᠢᠶᠦ᠋ᠨ | ᠢᠯᠡᠷᠬᠡᠶᠢᠯᠡᠬᠦ ᠳᠡᠭᠡᠨ᠂ ᠰᠢᠯᠭᠠᠯᠲᠠ ᠠᠴᠠ ᠪᠣᠯᠤᠭᠰᠠᠨ ᠲᠠᠷᠤᠭᠠᠰᠦ ᠨᠢ ᠶᠡᠭᠡ ᠲᠠᠷᠢᠬᠢᠨ ᠤ ᠴᠢᠰᠤᠨ ᠤᠷᠤᠰᠬᠠᠯ ᠤᠨ | ᠬᠡᠮᠵᠢᠶ᠎ᠡ ᠶᠢ ᠨᠡᠮᠡᠭᠳᠡᠭᠦᠯᠵᠦ᠂ ᠲᠠᠷᠢᠬᠢᠨ ᠳᠣᠲᠣᠷᠠᠬᠢ ᠰᠣᠯᠢᠯᠴᠠᠭᠠᠨ ᠤ ᠬᠠᠶᠠᠭᠳᠠᠮᠠᠯ ᠪᠣᠳᠠᠰ ᠢ ᠨᠡᠮᠡᠭᠳᠡᠭᠦᠯᠵᠦ ᠮᠡᠳᠡᠨ᠎ᠡ | ᠂ ᠬᠡᠷᠪᠡ ᠴᠠᠭ ᠲᠤᠬᠠᠢ ᠳᠤᠨᠢ ᠰᠢᠢᠳᠪᠦᠷᠢᠯᠡᠵᠦ ᠳᠡᠶᠢᠯᠬᠦ ᠦᠭᠡᠢ ᠪᠣᠯ ᠲᠠᠷᠢᠬᠢᠨ ᠤ ᠴᠢᠳᠠᠮᠵᠢ ᠪᠠᠭᠤᠷᠠᠵᠤ᠂ ᠴᠡᠭᠡᠵᠢᠯᠡᠬᠦ | ᠴᠢᠳᠠᠪᠤᠷᠢ ᠪᠠᠭᠤᠷᠠᠬᠤ ᠪᠣᠯᠣᠨ᠎ᠠ ᠭᠡᠵᠡᠢ᠃ ᠲᠠᠮᠢᠷ ᠤᠨ ᠬᠥᠳᠡᠯᠭᠡᠭᠡᠨ ᠨᠢ ᠶᠠᠭ ᠰᠠᠶᠢᠬᠠᠨ ᠲᠠᠷᠢᠬᠢᠨ ᠤ ᠴᠢᠰᠤᠨ | ᠤᠷᠤᠰᠬᠠᠯ ᠤᠨ ᠬᠤᠪᠢᠷᠠᠯᠲᠠ ᠶᠢ ᠪᠠᠭᠤᠷᠠᠭᠤᠯᠬᠤ ᠪᠠᠷ ᠳᠠᠮᠵᠢᠨ ᠲᠠᠷᠢᠬᠢᠨ ᠤ ᠴᠢᠳᠠᠪᠤᠷᠢ ᠶᠢ ᠰᠠᠶᠢᠵᠢᠷᠠᠭᠤᠯᠵᠤ᠂ | ᠴᠡᠭᠡᠵᠢᠯᠡᠬᠦ ᠴᠢᠳᠠᠪᠤᠷᠢ ᠶᠢ ᠨᠡᠮᠡᠭᠳᠡᠭᠦᠯᠦᠨ᠂ ᠰᠢᠯᠭᠠᠯᠲᠠ ᠶᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠬᠤ | ᠦᠢᠯᠡᠳᠦᠯ ᠲᠠᠢ ᠪᠠᠶᠢᠳᠠᠭ᠃ ᠲᠤᠰᠬᠠᠢ ᠮᠡᠷᠭᠡᠵᠢᠯᠲᠡᠨ ᠤ ᠰᠠᠨᠠᠭᠤᠯᠭ᠎ᠠ ᠪᠠᠷ᠂ ᠰᠢᠯᠭᠠᠯᠲᠠ ᠠᠴᠠ ᠡᠮᠦᠨ᠎ᠡ ᠪᠠᠭ᠎ᠠ | ᠬᠡᠮᠵᠢᠶᠡᠨ ᠤ ᠬᠦᠴᠢᠯᠲᠥ᠋ᠷᠥᠭᠴᠢᠲᠦ ᠬᠥᠩᠭᠡᠨ ᠬᠥᠳᠡᠯᠭᠡᠭᠡᠨ ᠬᠢᠪᠡᠯ ᠵᠣᠬᠢᠨ᠎ᠠ᠃ ᠵᠢᠱᠢᠶᠡᠯᠡᠪᠡᠯ᠂ ᠥᠷᠯᠥᠭᠡ ᠡᠷᠲᠡ | ᠠᠭᠠᠷ ᠴᠡᠪᠡᠷ ᠲᠤᠩᠭᠠᠯᠠᠭ ᠭᠠᠵᠠᠷ ᠲᠤ ᠰᠡᠯᠡᠭᠦᠴᠡᠨ ᠠᠯᠬᠤᠬᠤ᠂ ᠠᠯᠭᠤᠷ ᠭᠦᠶᠦᠬᠦ ᠵᠡᠷᠭᠡ ᠬᠦᠴᠢᠯᠲᠥ᠋ᠷᠥᠭᠴᠢᠲᠦ | ᠬᠥᠳᠡᠯᠭᠡᠭᠡᠨ ᠬᠢᠵᠦ᠂ 10 ᠮᠢᠨᠦ᠋ᠲ ᠤᠨ ᠴᠠᠭ ᠢ ᠬᠡᠷᠡᠭᠯᠡᠵᠦ ᠪᠠᠶᠢᠭᠠᠳ ᠣᠷᠣᠨ ᠳᠠᠭᠠᠨ ᠨᠢᠷᠤᠭᠤ ᠪᠠᠨ ᠰᠤᠩᠭᠠᠵᠤ᠂ | ᠬᠦᠵᠦᠭᠦᠦ ᠪᠠᠨ ᠡᠷᠭᠢᠭᠦᠯᠬᠦ ᠶᠢᠨ ᠬᠠᠮᠲᠤ ᠨᠡᠷᠡᠨ ᠳᠤ ᠡᠭᠡᠭᠡᠵᠦ᠂ ᠳᠥᠭᠦᠮᠬᠡᠨ ᠰᠤᠩᠭᠠᠬᠤ ᠬᠥᠳᠡᠯᠭᠡᠭᠡᠨ ᠬᠢᠵᠦ᠂ | ᠤᠳᠠᠭᠠᠨ ᠰᠠᠭᠤᠭᠰᠠᠨ ᠠᠴᠠ ᠪᠣᠯᠵᠤ ᠬᠥᠰᠢᠵᠦ ᠬᠠᠲᠠᠭᠤᠷᠠᠭᠰᠠᠨ ᠮᠥᠷᠥ ᠬᠦᠵᠦᠭᠦᠦ ᠪᠠ ᠳᠥᠷᠪᠡᠨ ᠮᠥᠴᠢ ᠪᠠᠨ | ᠰᠤᠯᠠᠳᠬᠠᠵᠤ᠂ ᠪᠠᠰᠠ ᠨᠢᠳᠦ᠂ ᠶᠡᠭᠡ ᠲᠠᠷᠢᠬᠢ ᠪᠠᠨ ᠲᠠᠶᠢᠪᠤᠰᠢᠷᠠᠭᠤᠯᠤᠨ᠎ᠠ᠃ ᠬᠥᠳᠡᠯᠭᠡᠭᠡᠨ ᠤ ᠬᠦᠴᠦᠯᠡᠴᠡ ᠪᠠ | ᠴᠠᠭ ᠤᠨ ᠤᠷᠲᠤ ᠨᠢ ᠰᠤᠯᠠᠳᠬᠠᠬᠤ ᠵᠣᠷᠢᠯᠭ᠎ᠠ ᠳᠠᠭᠠᠨ ᠬᠦᠷᠪᠡᠯ ᠪᠣᠯᠴᠢᠬᠠᠨ᠎ᠠ᠃ ᠡᠩ ᠤᠨ ᠦᠶ᠎ᠡ ᠳᠤ ᠬᠥᠳᠡᠯᠭᠡᠭᠡᠨ | ᠴᠥᠭᠡᠨ ᠰᠢᠭ ᠰᠤᠷᠤᠭᠴᠢᠳ ᠰᠢᠯᠭᠠᠯᠲᠠ ᠠᠴᠠ ᠡᠮᠦᠨ᠎ᠡ ᠬᠠᠷᠢᠴᠠᠩᠭᠤᠢ ᠨᠠᠮᠳᠠᠭᠤᠨ ᠬᠥᠳᠡᠯᠭᠡᠭᠡᠨ ᠤ ᠬᠡᠯᠪᠡᠷᠢ ᠶᠢ | ᠰᠣᠩᠭᠤᠵᠤ᠂ ᠪᠠᠭ᠎ᠠ ᠰᠠᠭ᠎ᠠ ᠬᠥᠳᠡᠯᠭᠡᠭᠡᠨ ᠤ ᠬᠡᠮᠵᠢᠶ᠎ᠡ ᠪᠠᠨ ᠨᠡᠮᠡᠭᠳᠡᠭᠦᠯᠪᠡᠯ ᠪᠣᠯᠴᠢᠬᠠᠨ᠎ᠠ᠃ ᠡᠩ ᠤᠨ ᠦᠶ᠎ᠡ ᠳᠤ | ᠬᠥᠳᠡᠯᠭᠡᠭᠡᠨ ᠬᠢᠬᠦ ᠳᠤᠷᠠᠲᠠᠢ ᠰᠤᠷᠤᠭᠴᠢᠳ ᠡᠨᠡ ᠬᠤᠭᠤᠴᠠᠭᠠᠨ ᠳᠤ ᠵᠥᠪᠬᠡᠨ ᠡᠩ ᠤᠨ ᠦᠶ᠎ᠡ ᠶᠢᠨ ᠬᠥᠳᠡᠯᠭᠡᠭᠡᠨ ᠤ | ᠠᠷᠭ᠎ᠠ ᠮᠠᠶ᠋ᠢᠭ ᠪᠠ ᠬᠥᠳᠡᠯᠭᠡᠭᠡᠨ ᠤ ᠬᠡᠮᠵᠢᠶ᠎ᠡ ᠪᠠᠨ ᠪᠠᠷᠢᠮᠲᠠᠯᠠᠪᠠᠯ ᠪᠣᠯᠴᠢᠬᠠᠨ᠎ᠠ᠂ ᠰᠢᠨ᠎ᠡ ᠬᠥᠳᠡᠯᠭᠡᠭᠡᠨ ᠤ ᠠᠷᠭ᠎ᠠ | ᠮᠠᠶ᠋ᠢᠭ ᠢ ᠲᠤᠷᠰᠢᠵᠤ ᠦᠵᠡᠬᠦ ᠶᠢ ᠰᠠᠨᠠᠭᠠᠴᠢᠯᠠᠬᠤ ᠦᠭᠡᠢ᠃ ᠡᠭᠦᠨ ᠠᠴᠠ ᠭᠠᠳᠠᠨ᠎ᠠ᠂ ᠰᠢᠯᠭᠠᠯᠲᠠ ᠠᠴᠠ ᠡᠮᠦᠨ᠎ᠡ | ᠡᠰᠡᠷᠭᠦᠴᠡᠯᠳᠦᠬᠦ ᠴᠢᠨᠠᠷ ᠢᠶᠠᠷ ᠴᠢᠩᠭ᠎ᠠ ᠰᠠᠭᠰᠤᠨ ᠪᠥᠮᠪᠦᠭᠡ ᠶᠢᠨ ᠤᠷᠤᠯᠳᠤᠭᠠᠨ ᠪᠠ ᠬᠥᠯ ᠪᠥᠮᠪᠦᠭᠡ ᠶᠢᠨ | ᠤᠷᠤᠯᠳᠤᠭᠠᠨ ᠵᠡᠷᠭᠡ ᠠᠴᠠ ᠵᠠᠶᠢᠯᠠᠰᠬᠢᠬᠦ ᠬᠡᠷᠡᠭᠲᠡᠢ᠃ |