ᠵᠠᠯᠠᠶᠢᠳ ᠬᠤᠰᠢᠭᠤ ᠤᠰᠤᠨ ᠲᠤᠳᠤᠷᠭ᠎ᠠ ᠶᠢᠨ ᠴᠢᠬᠢ ᠰᠠᠭᠤᠯᠭᠠᠵᠤ ᠡᠬᠢᠯᠡᠵᠠᠢ
ᠨᠡᠶᠢᠲᠡᠯᠡᠭᠰᠡᠨ ᠴᠠᠭ᠄
2024/5/15
    5 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠶᠢᠨ ᠲᠠᠷᠢᠶᠠᠴᠢᠳ ᠤᠰᠤᠨ ᠲᠤᠲᠤᠷᠭ᠎ᠠ ᠶᠢᠨ ᠲᠠᠷᠢᠶᠠᠨ ᠳᠠᠭᠠᠨ ᠴᠢᠬᠢ ᠰᠠᠭᠤᠯᠭᠠᠵᠤ  ᠶᠠᠭᠠᠷᠠᠯᠳᠤᠨ᠎ᠠ᠃ 5 ᠳ᠋ᠤᠭᠠᠷ ᠰᠠᠷ᠎ᠠ ᠤᠷᠤᠭᠰᠠᠨ ᠠᠴᠠ ᠨᠠᠭᠠᠰᠢ᠂ ᠤᠮᠠᠷᠠᠳᠤ ᠤᠷᠤᠨ ᠳᠤ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠯ᠎ᠠ᠃ ᠵᠠᠯᠠᠶᠢᠳ  ᠬᠤᠰᠢᠭᠤ ᠡᠨᠡᠬᠦ ᠴᠠᠭ ᠠᠭᠤᠷ ᠤᠨ ᠠᠰᠢᠭ ᠲᠠᠢ ᠨᠦᠬᠦᠴᠡᠯ ᠢ ᠠᠮᠵᠢᠵᠤ ᠲᠠᠷᠢᠶᠠᠴᠢᠳ ᠢᠶᠠᠨ ᠲᠠᠶᠢᠴᠢᠯᠡᠨ ᠤᠰᠤᠨ ᠲᠠᠷᠢᠶᠠᠨ ᠳᠠᠭᠠᠨ ᠲᠤᠳᠤᠷᠭ᠎ᠠ ᠶᠢᠨ ᠴᠢᠬᠢ ᠰᠠᠭᠤᠯᠭᠠᠬᠤ ᠠᠵᠢᠯ ᠢᠶᠠᠨ ᠱᠠᠯᠠᠪᠳᠠᠭᠤᠯᠤᠨ ᠬᠢᠵᠤ ᠪᠠᠶᠢᠨ᠎ᠠ᠃
  ᠰᠢᠨᠬᠤᠸᠠ ᠬᠤᠷᠢᠶᠡᠨ ᠤ ᠰᠤᠷᠪᠤᠯᠵᠢᠯᠠᠭᠴᠢ ᠪᠸᠢ ᠡᠾᠧ ᠰᠡᠬᠦᠳᠡᠷᠯᠡᠨ ᠮᠡᠳᠡᠭᠡᠯᠡᠪᠡ    
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号