ᠬᠢᠩᠭᠠᠨ ᠠᠶᠢᠮᠠᠭ 4 ᠵᠢᠯ ᠤᠨ ᠬᠤᠭᠤᠴᠠᠭᠠᠨ ᠳᠤ 9 ᠲᠦᠮᠡᠨ ᠨᠠᠮ ᠤᠨ ᠭᠡᠰᠢᠭᠦᠨ ᠢ ᠲᠥᠪᠯᠡᠷᠡᠭᠦᠯᠦᠨ ᠪᠣᠯᠪᠠᠰᠤᠷᠠᠭᠤᠯᠪᠠ
ᠨᠡᠶᠢᠲᠡᠯᠡᠭᠰᠡᠨ ᠴᠠᠭ᠄
2024/5/15
      ᠨᠠᠮ ᠤᠨ ᠰᠤᠷᠭᠠᠭᠤᠯᠢ ᠶᠢᠨ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠳᠤᠮᠳᠠᠬᠢ ᠭᠤᠤᠯ ᠠᠷᠭ᠎ᠠ ᠵᠠᠮ᠂ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠤ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠵᠢᠯ ᠤᠨ ᠡᠬᠢᠨ ᠠᠴᠠ᠂ ᠬᠢᠩᠭᠠᠨ ᠠᠶᠢᠮᠠᠭ ᠨᠠᠮ ᠤᠨ ᠭᠡᠰᠢᠭᠦᠨ ᠢ ᠨᠠᠮ ᠤᠨ ᠰᠤᠷᠭᠠᠭᠤᠯᠢ ᠳᠤ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠠᠶᠢᠮᠠᠭ ᠤᠨ ᠨᠢᠭᠡᠨᠲᠡ 21 ᠬᠤᠭᠤᠴᠠᠭ᠎ᠠ ᠨᠠᠮ ᠤᠨ ᠭᠡᠰᠢᠭᠦᠨ ᠤ ᠪᠣᠯᠪᠠᠰᠤᠷᠠᠯ ᠡᠷᠬᠢᠯᠡᠵᠦ᠂ 8200 ᠭᠠᠷᠤᠶ ᠨᠠᠮ ᠤᠨ ᠭᠡᠰᠢᠭᠦᠨ ᠳᠤ ᠪᠣᠯᠪᠠᠰᠤᠷᠠᠯ ᠬᠦᠷᠳᠡᠭᠡᠭᠰᠡᠨ ᠪᠠᠶᠢᠨ᠎ᠠ᠃      ᠤᠶᠢᠯᠠᠭᠠᠨᠨᠰᠠᠨ ᠢᠶᠠᠷ᠂ 4 ᠵᠢᠯ ᠤᠨ ᠬᠤᠭᠤᠴᠠᠭ᠎ᠠ ᠶᠢ ᠬᠡᠷᠡᠭᠰᠡᠵᠦ᠂ ︽ᠦᠶᠡᠯᠡᠯ ᠤᠨ ᠬᠤᠭᠤᠴᠠᠭ᠎ᠠ ᠲᠠᠢ᠂ ᠪᠦᠬᠦᠨ ᠢ ᠪᠦᠷᠬᠦᠬᠦᠯᠬᠦ᠂ ᠠᠭᠤᠯᠭ᠎ᠠ ᠶᠢ ᠨᠠᠷᠢᠯᠢᠬᠵᠢᠭᠤᠯᠬᠤ᠂ ᠦᠷ᠎ᠡ ᠪᠦᠲᠦᠮᠵᠢ ᠶᠢ ᠴᠢᠬᠤᠯᠠᠴᠢᠯᠠᠬᠤ︾ ᠪᠣᠯᠪᠠᠰᠤᠷᠠᠯ ᠤᠨ ᠵᠠᠭᠪᠤᠷ ᠢᠶᠠᠷ ᠪᠦᠬᠦ ᠠᠶᠢᠮᠠᠭ ᠤᠨ ᠡᠯ᠎ᠡ ᠬᠦᠷᠢᠶ᠎ᠠ ᠬᠡᠪᠴᠢᠶᠡᠨ ᠤ 9 ᠲᠦᠮᠡ ᠭᠠᠷᠤᠢ ᠨᠠᠮ ᠤᠨ ᠭᠡᠰᠢᠭᠦᠨ ᠢ ᠲᠡᠰ ᠳᠠᠪᠬᠤᠷᠭ᠎ᠠ ᠬᠤᠪᠢᠶᠠᠨ ᠨᠠᠮ ᠤᠨ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠶᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠤ ᠬᠡᠪ ᠴᠢᠨᠠᠷ ᠢᠶᠠᠨ ᠳᠡᠭᠡᠭᠰᠢᠯᠡᠭᠦᠯᠬᠦ᠂ ᠴᠢᠳᠠᠪᠤᠷᠢ ᠪᠠᠨ ᠪᠠᠳᠠᠷᠠᠭᠤᠯᠬᠤ᠂ ᠦᠢᠯᠡᠳᠦᠯ ᠦᠵᠡᠬᠦᠯᠭᠦ ᠶᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠳᠤ ᠪᠠᠳᠦ ᠰᠠᠭᠤᠷᠢ ᠶᠢ ᠲᠠᠯᠪᠢᠨ ᠦᠭᠭᠦᠭᠰᠡᠨ ᠪᠠᠶᠢᠨ᠎ᠠ᠃      ︽ᠡᠨᠡ ᠪᠣᠯ ᠮᠢᠨᠦ ᠨᠠᠮ ᠳᠤ ᠤᠷᠤᠭᠰᠠᠨ ᠠᠴᠠ ᠨᠠᠭᠠᠰᠢ ᠠᠩᠬ᠎ᠠ ᠤᠳᠠᠭ᠎ᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠰᠤᠷᠤᠯᠴᠠᠬᠰᠠᠨ ᠶᠠᠪᠤᠳᠠᠯ ᠪᠤᠯᠤᠨ᠎ᠠ᠂ ᠮᠠᠨ ᠤ ᠦᠨᠳᠦᠰᠦᠨ ᠱᠠᠲᠤᠨ ᠤ ᠨᠠᠮ ᠤᠨ ᠭᠡᠰᠢᠭᠦᠨ ᠳᠤ ᠠᠪᠴᠤ ᠬᠡᠯᠡᠪᠡᠯ᠂ ᠡᠨᠡ ᠪᠣᠯ ᠣᠨᠣᠯ ᠤᠨ ᠮᠡᠳᠡᠯᠭᠡ ᠶᠢ ᠭᠦᠨᠵᠡᠭᠡᠶ ᠰᠤᠷᠤᠯᠴᠠᠬᠤ ᠰᠠᠶᠢᠨ ᠲᠣᠬᠢᠶᠠᠯ ᠮᠥᠨ᠃ ᠪᠠᠭᠰᠢ ᠶᠢᠨ ᠬᠢᠴᠢᠶᠡᠯ ᠢ ᠮᠠᠨ ᠤ ᠲᠠᠷᠢᠶᠠᠴᠢᠨ ᠨᠠᠮ ᠤᠨ ᠭᠡᠰᠢᠭᠦᠨ ᠴᠦ ᠰᠣᠨᠣᠰᠴᠤ ᠣᠶᠢᠯᠠᠭᠠᠵᠤ᠂ ᠬᠠᠷᠢᠭᠰᠠᠨ ᠤ ᠳᠠᠷᠠᠭ᠎ᠠ ᠴᠤ ᠬᠡᠷᠡᠭᠯᠡᠵᠦ ᠲᠠᠶᠢᠯᠤᠨ᠎ᠠ︾ ᠭᠡᠵᠦ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠶᠣᠣ ᠱᠠᠨ ᠲᠣᠰᠬᠤᠨ ᠤ ᠠᠬᠠᠮᠠᠳ ᠨᠠᠮ ᠤᠨ ᠭᠡᠰᠢᠭᠦᠨ ᠳ᠋ᠦᠩ ᠱᠤᠸᠠᠩ ᠶᠢᠨ ᠶᠡᠬᠡᠳᠡ ᠰᠡᠳᠭᠢᠯ ᠲᠤᠨᠨᠳᠤᠯᠤᠩᠬᠠᠨ ᠬᠡᠯᠡᠪᠡ᠃      ᠪᠣᠯᠪᠠᠰᠤᠷᠠᠯ ᠢ ᠨᠡᠶᠢᠳᠡᠮ ᠪᠦᠷᠬᠦᠭᠦᠯᠬᠦ ᠶᠢᠨ ᠲᠥᠯᠥᠭᠡ᠂ ᠬᠢᠩᠭᠠᠨ ᠠᠶᠢᠮᠠᠭ᠂ ᠠᠶᠢᠮᠠᠭ ᠬᠤᠰᠢᠭᠤᠨ ᠤ ᠨᠠᠮ ᠤᠨ ᠰᠤᠷᠭᠠᠭᠤᠯᠢ ᠶᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠪᠠᠷ ᠭᠤᠤᠯ ᠰᠤᠷᠤᠯᠴᠠᠯᠭ᠎ᠠ ᠶᠢᠨ ᠭᠠᠵᠠᠷ ᠪᠣᠯᠭᠠᠵᠤ᠂ ᠵᠢᠭᠠᠨ ᠰᠤᠷᠭᠠᠯᠲᠠ ᠶᠢᠨ ᠨᠠᠷᠠᠲᠤ ᠪᠠᠭᠰᠢ ᠶᠢ ᠬᠥᠮᠦᠵᠢᠭᠦᠯᠵᠦ᠂ ᠨᠢᠭᠡ ᠪᠦᠯᠦᠭ ᠬᠤᠪᠢᠰᠬᠠᠯ ᠤᠨ ᠰᠤᠷᠭᠠᠨ ᠬᠥᠮᠦᠵᠢᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠭᠤᠤᠯ ᠰᠤᠷᠤᠯᠴᠠᠯᠭ᠎ᠠ ᠶᠢᠨ ᠭᠠᠵᠠᠷ ᠢ ᠬᠠᠮᠲᠤ ᠪᠠᠷ ᠬᠡᠷᠡᠭᠯᠡᠬᠦ᠂ ᠪᠠᠭᠰᠢ ᠶᠢ ᠬᠠᠮᠲᠤ ᠪᠠᠷ ᠡᠳ᠋ᠯᠡᠬᠦ᠂ ᠰᠤᠷᠤᠭᠴᠢᠳ ᠢ ᠬᠠᠮᠲᠤ ᠪᠠᠷ ᠣᠷᠣᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠪᠠᠶᠢᠭᠤᠯᠭ᠎ᠠ ᠶᠢᠨ ᠬᠦᠷᠢᠶᠡᠨ ᠳᠠᠬᠢ ᠨᠠᠮ ᠤᠨ ᠭᠡᠰᠢᠭᠦᠨ ᠤ ᠪᠣᠯᠪᠠᠰᠤᠷᠠᠯ ᠤᠨ ᠠᠵᠢᠯ ᠢ ᠬᠠᠷᠢᠭᠤᠴᠠᠵᠤ᠂ ᠡᠯ᠎ᠡ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠬᠠᠷᠢᠶ᠎ᠠ ᠣᠷᠣᠨ ᠤ ᠳᠣᠲᠣᠷᠠᠬᠢ ᠨᠠᠮ ᠤᠨ ᠭᠡᠰᠢᠭᠦᠨ ᠤ ᠪᠣᠯᠪᠠᠰᠤᠷᠠᠯ ᠢ ᠬᠠᠷᠢᠭᠤᠴᠠᠵᠦ ᠪᠤᠢ᠃ ᠬᠢᠴᠢᠶᠡᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ᠂ ᠠᠶᠢᠮᠠᠭ ᠬᠤᠰᠢᠭᠤ ᠬᠤᠶᠠᠷ ᠱᠠᠲᠤᠨ ᠤ ᠨᠠᠮ ᠤᠨ ᠰᠤᠷᠭᠠᠭᠤᠯᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠴᠢᠶᠡᠯ ᠢ ᠣᠯᠠᠨ ᠡᠰᠢᠵᠢᠭᠦᠯᠦᠨ ᠲᠣᠭᠲᠠᠭᠠᠵᠤ᠂ ︽ᠲᠤᠰᠬᠠᠶ ᠰᠡᠳᠦᠪᠲᠦ ᠲᠠᠶᠢᠯᠤᠮᠵᠢ + ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ︾᠂ ︽ᠲᠤᠬᠠᠶ ᠶᠢᠨ ᠭᠠᠵᠠᠷ ᠲᠤᠨᠢ ᠵᠢᠭᠠᠨ ᠰᠤᠷᠭᠠᠬᠤ + ᠣᠯᠤᠯᠲᠠ ᠲᠥᠷᠥᠭᠳᠡᠯ ᠢᠶᠠᠨ ᠰᠣᠯᠢᠯᠴᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠠᠳᠠᠯᠢ ᠪᠤᠰᠤ ᠬᠦᠷᠢᠶᠡᠨ ᠳᠤ ᠴᠢᠭᠯᠡᠭᠦᠯᠦᠨ ᠲᠤᠰᠬᠠᠶ ᠰᠡᠳᠦᠪ ᠬᠤᠪᠢᠶᠠᠨ ᠨᠠᠷᠢᠯᠢᠭ ᠣᠨᠣᠴᠠᠲᠠᠶ ᠪᠠᠷ ᠪᠣᠯᠪᠠᠰᠤᠷᠠᠯ ᠬᠦᠷᠳᠡᠭᠡᠪᠡ᠃                                         ︵ᠸᠠᠩ ᠶᠤᠸᠠᠢ   ᠴᠡᠩᠭᠡᠯ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号