ᠢᠨᠳᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠶ᠎ᠠ ᠣᠷᠣᠨ ᠤ ᠪᠠᠨ ᠳᠣᠲᠣᠷᠠᠬᠢ ᠳᠤᠷ᠎ᠠ ᠪᠠᠷ ᠢᠶᠠᠨ ᠤᠰᠤᠨ ᠰᠤᠪᠠᠭ ᠮᠠᠯᠲᠠᠵᠦ ᠪᠠᠶᠢᠭ᠎ᠠ ᠪᠠᠶᠢᠳᠠᠯ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2024/5/17
           ᠣᠶᠢᠷ᠎ᠠ ᠳᠤ᠂ ᠢᠨᠳᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠶ᠎ᠠ ᠣᠷᠣᠨ ᠤ ᠪᠠᠨ ᠳᠤᠷ᠎ᠠ ᠪᠠᠷ ᠢᠶᠠᠨ ᠤᠰᠤᠨ ᠰᠤᠪᠠᠭ ᠮᠠᠯᠲᠠᠵᠦ ᠪᠠᠶᠢᠭ᠎ᠠ ᠪᠠᠶᠢᠳᠠᠯ ᠢ ᠲᠣᠭᠤᠷᠢᠨ ᠪᠠᠶᠢᠴᠠᠭᠠᠪᠠ᠃ ᠢᠨᠳᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠥᠷᠪᠡᠳᠦᠭᠡᠷ ᠳᠤᠮᠳᠠ ᠠᠩᠭᠢ ᠲᠣᠭᠤᠷᠢᠨ ᠪᠠᠶᠢᠴᠠᠭᠠᠬᠤ ᠳᠤᠮᠳᠠ ᠪᠠᠶᠠᠨᠬᠤᠸᠠ ᠭᠠᠴᠠᠭᠠᠨ ᠤ ᠣᠯᠠᠨ ᠲᠦᠮᠡᠨ ᠲᠠᠷᠢᠶᠠᠨ ᠭᠠᠵᠠᠷ ᠤᠨ ᠬᠠᠵᠠᠭᠤ ᠳᠤ ᠳᠤᠷ᠎ᠠ ᠪᠠᠷ ᠢᠶᠠᠨ ᠤᠰᠤᠨ ᠰᠤᠪᠠᠭ ᠮᠠᠯᠲᠠᠭᠰᠠᠨ  ᠪᠠᠶᠢᠳᠠᠯ ᠢ ᠤᠶᠢᠯᠭᠠᠵᠦ᠂ ᠡᠨᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠬᠠᠤᠯᠢ ᠶᠣᠰᠣᠭᠠᠷ ᠬᠤᠷᠢᠭᠯᠠᠨ ᠵᠣᠭᠰᠣᠭᠠᠪᠠ᠃      ᠣᠶᠢᠯᠠᠭᠠᠭᠰᠠᠨ ᠢᠶᠠᠷ᠂ ᠲᠣᠰ ᠦᠢᠯᠡ ᠠᠵᠢᠯᠯᠠᠭ᠎ᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ  ᠤᠨ ᠵᠦᠪᠰᠢᠶᠡᠷᠡᠯ ᠥᠬᠡᠶ ᠪᠥᠭᠡᠳ ᠪᠤᠰᠤᠳ ᠬᠠᠮᠢᠶ᠎ᠠ ᠪᠥᠬᠦᠶ ᠭᠠᠷᠳᠠᠮ ᠢ ᠴᠦ ᠪᠦᠷᠢᠯᠳᠦᠭᠦᠯᠦᠭᠰᠡᠨ ᠦᠭᠡᠢ᠂ ᠠᠮᠢ ᠠᠬᠤᠶ ᠣᠷᠴᠢᠨ ᠲᠣᠭᠤᠷᠢᠨ ᠢ ᠬᠦᠨᠳᠦ ᠨᠣᠴᠢᠲᠠᠶ ᠡᠪᠳᠡᠵᠡᠢ᠃ ᠬᠠᠤᠯᠢ ᠬᠡᠷᠡᠭᠵᠢᠭᠦᠯᠬᠦ ᠠᠵᠢᠯᠲᠠᠨ ᠳᠠᠷᠦ᠋ᠢᠬᠠᠨ ᠬᠤᠷᠢᠭᠯᠠᠨ ᠵᠣᠭᠰᠣᠭᠠᠬᠤ ᠶᠢᠨ ᠬᠠᠮᠲᠤ ᠲᠡᠳᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠲᠤᠭᠲᠠᠭᠠᠯ ᠤᠳ ᠢ ᠮᠡᠳᠡᠭᠦᠯᠵᠡᠢ᠃ ᠬᠠᠤᠯᠢ ᠬᠡᠷᠡᠭᠵᠢᠭᠦᠯᠬᠦ ᠠᠵᠢᠯᠲᠠᠨ ᠬᠦᠯᠢᠴᠡᠩᠭᠦᠶ ᠪᠠᠷ ᠢᠳᠬᠠᠭᠰᠠᠨ ᠤ ᠳᠠᠷᠠᠭ᠎ᠠ᠂ ᠲᠡᠳᠡᠨᠡᠷ ᠦᠢᠯᠡ ᠠᠵᠢᠯᠯᠠᠭ᠎ᠠ ᠶᠢᠨ ᠢᠶᠠᠨ ᠵᠣᠬᠢᠰ ᠥᠬᠡᠶ ᠪᠠᠶᠢᠬᠤ ᠶᠢ ᠲᠠᠨᠢᠵᠤ᠂ ᠳᠠᠷᠦ᠋ᠢᠬᠠᠨ ᠮᠠᠯᠲᠠᠬᠤ ᠠᠵᠢᠯᠯᠠᠭ᠎ᠠ  ᠪᠠᠨ ᠵᠣᠭᠰᠣᠭᠠᠬᠤ ᠶᠢᠨ ᠬᠠᠮᠲᠤ ᠤᠤᠯ ᠳᠦᠷᠰᠦ ᠪᠠᠶᠢᠳᠠᠯ ᠢ ᠨᠢ ᠰᠡᠷᠭᠦᠭᠡᠨ᠎ᠡ  ᠭᠡᠵᠦ ᠠᠮᠠᠯᠳᠠᠪᠠ᠃      ᠳᠠᠷᠠᠭᠠᠴᠢ ᠶᠢᠨ ᠠᠯᠬᠤᠮ ᠳᠤ᠂ ᠢᠨᠳᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠠᠮᠲᠤ᠂ ᠲᠣᠭᠤᠷᠢᠨ ᠪᠠᠶᠢᠴᠠᠭᠠᠬᠤ ᠪᠠ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶ᠎ᠠ ᠣᠷᠣᠨ ᠤ ᠪᠠᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠎ᠠ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号