ᠥᠰᠥᠭ ᠪᠢᠴᠢᠭ ᠢᠶᠠᠷ ᠥᠭᠦᠯᠡᠬᠦᠢ᠄ ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/5/17
    ᠨᠢᠭᠡ᠂ ᠨᠡᠶᠢᠲᠡᠯᠡᠭᠰᠡᠨ ᠠᠬᠤᠶ ᠪᠠᠶᠢᠳᠠᠯ     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠣᠬᠢᠷᠲᠤᠯ ᠥᠬᠡᠶ ᠠᠭᠤᠷᠬᠠᠶ ᠶᠢᠨ ᠦᠢᠯᠡᠰ ᠢ ᠬᠥᠭᠵᠢᠭᠦᠯᠬᠦ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠤᠷᠢᠳ ᠬᠤᠵᠢᠳ ᠤᠯᠤᠰ ᠤᠨ ︽13 · 5︾ ︽14 · 5︾ ᠶᠢᠨ ᠬᠥᠲᠥᠯᠪᠦᠷᠢ ᠵᠢᠴᠢ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠳᠤ ᠪᠢᠴᠢᠨ ᠣᠷᠣᠭᠤᠯᠪᠠ᠃ 2017 ᠣᠨ ᠤ 3 ᠳ᠋ᠤᠭᠠᠷ ᠰᠠᠷ᠎ᠠ ᠳᠤ᠂ ᠤᠤᠯ ᠤᠨ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ 6 ᠶᠠᠮᠤᠨ ᠵᠥᠪᠯᠡᠯ ᠬᠠᠮᠲᠤᠷᠠᠨ ︽ᠪᠣᠬᠢᠷᠲᠤᠯ ᠥᠬᠡᠶ ᠠᠭᠤᠷᠬᠠᠶ ᠶᠢ ᠲᠦᠷᠭᠡᠪᠴᠢᠯᠡᠨ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠤᠯᠤᠰ ᠨᠤᠲᠤᠭ ᠡᠬᠢ ᠲᠣᠭᠲᠠᠭᠠᠯ ﹇2017﹈ 4 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ 2020 ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ︵ᠥᠪᠥᠷ ᠵᠠᠰᠠᠭ ᠲᠠᠷᠬᠠᠭᠠᠭᠰᠠᠨ ﹇2020﹈ 18 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠰᠢᠨ᠎ᠡ ᠪᠠᠷ ᠪᠠᠶᠢᠭᠤᠯᠬᠤ᠂ ᠦᠢᠯᠡᠳᠪᠦᠷᠢᠯᠡᠯ ᠤᠨ ᠠᠭᠤᠷᠬᠠᠶ ᠶᠢᠨ ᠪᠣᠬᠢᠷᠲᠤᠯ ᠦᠭᠡᠢ ᠪᠥᠲᠥᠭᠡᠨ ᠪᠠᠶᠢᠭᠤᠯᠤᠯᠲᠠ ᠶᠢ ᠡᠷᠴᠢᠮᠵᠢᠭᠦᠯᠬᠦ ᠬᠡᠷᠡᠭᠲᠡᠶ ᠭᠡᠵᠦ ᠱᠠᠭᠠᠷᠳᠠᠪᠠ᠃ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠪᠣᠬᠢᠷᠲᠤᠯ ᠥᠬᠡᠶ ᠠᠭᠤᠷᠬᠠᠶ ᠶᠢ ᠨᠡᠩ ᠣᠯᠠᠨ ᠪᠦᠲᠦᠭᠡᠨ ᠪᠠᠶᠢᠭᠤᠯᠬᠤ ᠬᠡᠷᠡᠭᠲᠡᠶ︾ ᠭᠡᠵᠦ ᠱᠠᠭᠠᠷᠳᠠᠪᠠ᠃ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠨ᠎ᠡ ᠵᠣᠷᠢᠭ ᠰᠠᠨᠠᠭ᠎ᠠ᠂ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠣᠬᠢᠷᠲᠤᠯ ᠥᠬᠡᠶ ᠠᠭᠤᠷᠬᠠᠶ ᠶᠢ ᠰᠢᠯᠢᠨ ᠰᠣᠩᠭᠤᠬᠤ ᠪᠠ ᠬᠢᠨᠠᠨ ᠬᠠᠮᠢᠶᠠᠷᠬᠤ ᠠᠵᠢᠯ ᠢ ᠨᠠᠩ ᠰᠠᠶᠢᠨ ᠥᠷᠨᠢᠭᠦᠯᠬᠦ ᠶᠢ ᠵᠢᠷᠤᠮᠵᠢᠭᠤᠯᠤᠨ ᠵᠢᠯᠣᠭᠤᠳᠬᠤ ᠶᠢᠨ ᠲᠥᠯᠥᠭᠡ ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠦᠨᠡᠯᠡᠬᠦ ᠭᠦᠢᠴᠡᠳᠬᠡᠯ ᠲᠤᠭ᠎ᠠ᠂ ᠭᠤᠶᠤᠴᠢᠯᠠᠨ ᠮᠡᠳᠡᠭᠦᠯᠵᠦ ᠦᠨᠡᠯᠡᠨ ᠵᠢᠱᠢᠵᠦ ᠰᠢᠯᠢᠨ ᠰᠣᠩᠭᠤᠬᠤ ᠴᠤᠪᠤᠷᠠᠯ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠪᠠ᠃     ᠬᠤᠶᠠᠷ᠂ ᠭᠤᠣᠯ ᠠᠭᠤᠯᠭ᠎ᠠ     ︽ᠮᠡᠳᠡᠭᠳᠡᠯ︾ ᠳᠤ 3 ᠬᠡᠰᠡᠭ ᠪᠠ 3 ᠳᠠᠭᠠᠯᠳᠤᠭᠤᠯᠤᠯ ᠪᠠᠭᠲᠠᠨ᠎ᠠ᠃     ᠨᠢᠭᠡᠳᠦᠭᠡᠷ ᠬᠡᠰᠡᠭ ᠲᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠬᠠᠷᠠᠯᠲᠠ ᠶᠢ ᠲᠣᠳᠣᠷᠬᠠᠶᠢᠯᠠᠵᠤ᠂ ᠡᠭᠦᠨ ᠳᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠲᠡᠭᠡᠳ᠂ ᠴᠠᠭ ᠤᠨ ᠬᠢᠵᠠᠭᠠᠷ ᠪᠠ ᠪᠣᠳᠠᠲᠠᠶ ᠱᠠᠭᠠᠷᠳᠠᠯᠭ᠎ᠠ ᠶᠢ ᠪᠠᠭᠲᠠᠭᠠᠨ᠎ᠠ︔     ᠬᠤᠶᠠᠳᠤᠭᠠᠷ ᠬᠡᠰᠡᠭ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠲᠤᠬᠠᠢ ᠪᠠᠶᠢᠵᠤ᠂ ᠡᠭᠦᠨ ᠳᠤ ᠪᠣᠬᠢᠷᠲᠤᠯ ᠥᠬᠡᠶ ᠠᠭᠤᠷᠬᠠᠶ ᠶᠢᠨ ᠠᠵᠢᠯ ᠲᠥᠷᠥᠯ ᠤᠨ ᠪᠠᠷᠢᠮᠵᠢᠶ᠎ᠠ ᠪᠠ ᠦᠨᠡᠯᠡᠬᠦ ᠭᠦᠢᠴᠡᠳᠬᠡᠯ ᠲᠤᠭ᠎ᠠ ᠶᠢ ᠪᠠᠶᠢᠭᠤᠯᠤᠨ ᠪᠦᠷᠢᠨᠰᠢᠭᠦᠯᠬᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠣᠨ ᠤ ᠬᠠᠷᠠᠯᠲᠠᠲᠤ ᠡᠭᠦᠷᠭᠡ ᠶᠢ ᠲᠣᠭᠲᠠᠭᠠᠬᠤ᠂ ᠪᠣᠬᠢᠷᠲᠤᠯ ᠥᠬᠡᠶ ᠠᠭᠤᠷᠬᠠᠶ ᠶᠢ ᠮᠡᠳᠡᠭᠦᠯᠵᠦ ᠰᠢᠯᠭᠠᠷᠠᠭᠤᠯᠬᠤ ᠴᠤᠪᠤᠷᠠᠯ ᠢ ᠴᠢᠩᠳᠠᠯᠠᠬᠤ᠂ ᠭᠤᠷᠪᠠᠳᠠᠬᠢ ᠡᠲᠡᠭᠡᠳ ᠦᠨᠡᠯᠡᠨ ᠵᠢᠱᠢᠬᠦ ᠬᠠᠮᠢᠶᠠᠷᠤᠯᠲᠠ ᠶᠢ ᠴᠢᠩᠭᠠᠳᠬᠠᠬᠤ᠂ ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ‌ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠢᠯᠢᠳᠡᠭ ᠢ ᠨᠢ ᠰᠣᠩᠭᠤᠵᠤ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠳᠤ ᠲᠠᠨᠢᠯᠴᠠᠭᠤᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠵᠡᠷᠭᠡ ᠶᠢ ᠪᠠᠭᠲᠠᠭᠠᠨ᠎ᠠ︔     ᠭᠤᠷᠪᠠᠳᠤᠭᠠᠷ ᠬᠡᠰᠡᠭ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠲᠤᠬᠠᠢ ᠪᠠᠶᠢᠵᠤ᠂ ᠡᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠢᠯᠭᠠᠨ ᠬᠢᠨᠠᠬᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠨ᠎ᠠ᠃     3 ᠳᠠᠭᠠᠯᠳᠤᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠭᠤᠶᠤᠴᠢᠯᠠᠨ ᠮᠡᠳᠡᠭᠦᠯᠬᠦ ᠦᠨᠡᠯᠡᠨ ᠵᠢᠱᠢᠬᠦ ᠰᠢᠯᠢᠨ ᠰᠣᠩᠭᠤᠬᠤ ᠠᠵᠢᠯ ᠤᠨ ᠴᠤᠪᠤᠷᠠᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠭᠲᠠᠨ᠎ᠠ᠃     ᠭᠤᠷᠪᠠ᠂ ᠭᠤᠣᠯ ᠣᠨᠴᠠᠯᠢᠭ     ᠨᠢᠭᠡ ᠳᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠠᠵᠤ ᠠᠬᠤᠶᠢᠯᠠᠯ ᠭᠤᠤᠯᠯᠠᠨ ᠪᠠᠶᠢᠭᠤᠯᠬᠤ᠂ ᠨᠡᠶᠢᠭᠡᠮ ᠳᠠᠶᠠᠭᠠᠷ ᠬᠢᠨᠠᠯᠲᠠ ᠲᠠᠯᠪᠢᠭᠰᠠᠨ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠢᠶᠠᠷ ᠲᠦᠷᠦᠭᠦᠯᠡᠭᠦᠯᠦᠨ᠂ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ 14 ᠰᠠᠯᠠᠭ᠎ᠠ ᠮᠥᠴᠢᠷ ᠪᠠ ᠨᠢᠭᠡᠴᠢ ᠪᠠᠷ ᠪᠦᠷᠢᠯᠳᠦᠭᠰᠡᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠲᠣᠳᠣᠷᠬᠠᠶ ᠪᠠᠶᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠵᠦᠢᠯᠡᠰ ᠪᠠ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠨ᠎ᠡ᠃     ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠣᠯᠠᠨ ᠵᠢᠯ ᠤᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠪᠣᠬᠢᠷᠲᠤᠯ ᠥᠬᠡᠶ ᠠᠭᠤᠷᠬᠠᠶ ᠶᠢ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠴᠤᠪᠤᠷᠠᠯ ᠪᠠ ᠱᠠᠭᠠᠷᠳᠠᠯᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠬᠤᠯᠪᠣᠭᠠᠯᠠᠨ ᠬᠢᠨᠠᠨ ᠪᠠᠶᠢᠴᠠᠭᠠᠬᠤ ᠶᠢ ᠲᠣᠳᠣᠷᠬᠠᠶ ᠲᠣᠭᠲᠠᠭᠠᠵᠤ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠥᠷᠨᠢᠭᠦᠯᠦᠨ᠎ᠡ᠃     ᠭᠤᠷᠪᠠ ᠳᠤ᠂ ᠡᠯ᠎ᠡ ᠰᠠᠯᠠᠭ᠎ᠠ ᠮᠥᠴᠢᠷ ᠤᠳ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠠᠬᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠭᠰᠠᠨ ᠤ ᠬᠠᠮᠲᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ︾ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠳᠤ ᠬᠢᠨᠠᠯᠲᠠ ᠬᠠᠮᠢᠶᠠᠷᠤᠯᠲᠠ ᠬᠢᠬᠦ ᠰᠠᠯᠠᠭ᠎ᠠ ᠮᠥᠴᠢᠷ ᠤᠳ ᠢ ᠲᠣᠳᠣᠷᠬᠠᠶᠢᠯᠠᠵᠤ᠂ ᠪᠣᠬᠢᠷᠲᠤᠯ ᠥᠬᠡᠶ ᠠᠭᠤᠷᠬᠠᠶ ᠶᠢ ᠠᠩᠬ᠎ᠠ ᠬᠢᠨᠠᠬᠤ᠂ ᠬᠢᠨᠠᠨ ᠪᠠᠶᠢᠴᠠᠭᠠᠵᠤ ᠦᠨᠡᠯᠡᠨ ᠵᠢᠱᠢᠬᠦ᠂ ᠬᠠᠷᠭᠤᠭᠤᠯᠤᠨ ᠪᠠᠶᠢᠴᠠᠭᠠᠬᠤ ᠪᠠ ᠡᠳᠦᠷ ᠲᠤᠲᠤᠮ ᠬᠥᠳᠡᠯᠦᠩᠭᠦᠶ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠳᠤ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃     ᠳᠥᠷᠪᠡ ᠳᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠤᠨ ᠰᠠᠭᠤᠷᠢᠨ ᠳᠡᠭᠡᠷ᠎ᠡ ᠪᠣᠬᠢᠷᠲᠤᠯ ᠥᠬᠡᠶ ᠠᠭᠤᠷᠬᠠᠶ ᠳᠤ ᠬᠡᠷᠡᠭᠯᠡᠬᠦ ᠭᠠᠵᠠᠷ ᠠᠭᠤᠷᠬᠠᠶ ᠶᠢ ᠳᠡᠮᠵᠢᠬᠦ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠠᠯ᠎ᠠ ᠪᠠᠷ ᠬᠢ ᠨᠠᠶᠢᠳᠠᠪᠤᠷᠢᠵᠢᠭᠤᠯᠵᠤ ᠪᠣᠯᠬᠤ᠂ ᠪᠣᠳᠠᠲᠠᠶ ᠬᠡᠷᠡᠭᠵᠢᠭᠦᠯᠬᠦ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃     ᠲᠠᠪᠤ ᠳᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠶᠢ ᠥᠷᠨᠢᠭᠦᠯᠦᠭᠡᠳᠦᠶ ᠲᠣᠮᠣ ᠳᠤᠮᠳᠠ ᠬᠡᠯᠪᠡᠷᠢ ᠶᠢᠨ ᠠᠭᠤᠷᠬᠠᠶ ᠶᠢ ᠵᠢᠭᠠᠨ ᠵᠢᠯᠣᠭᠤᠳᠴᠤ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠠᠶᠢᠮᠠᠭ ᠬᠤᠲᠠ ᠶᠢᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ ᠣᠨ ᠤ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠬᠤ ᠶᠢ ᠴᠢᠬᠤᠯᠠᠴᠢᠯᠠᠪᠠ᠃         ᠵᠢᠷᠭᠤᠭ᠎ᠠ ᠳᠤ᠂ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠲᠡᠮᠳᠡᠭᠯᠡᠯ ᠤᠨ ᠬᠥᠳᠡᠯᠦᠩᠭᠦᠶ ᠬᠠᠮᠢᠶᠠᠷᠤᠯᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ︽ᠵᠡᠭᠦᠯᠲᠡ ᠬᠠᠳᠠᠬᠤ᠂ ᠬᠤᠭᠤᠴᠠᠭ᠎ᠠ ᠲᠣᠭᠲᠠᠭᠠᠨ ᠴᠡᠭᠴᠡᠯᠡᠬᠦ᠂ ᠨᠡᠷᠡᠰ ᠤᠨ ᠵᠢᠭᠰᠠᠭᠠᠯᠲᠠ ᠠᠴᠠ ᠭᠠᠷᠭᠠᠬᠤ︾ ᠪᠠᠶᠢᠳᠠᠯ ᠢ ᠨᠡᠮᠡᠪᠡ᠃ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠦᠨᠡᠯᠡᠬᠦ ᠭᠦᠢᠴᠡᠳᠬᠡᠯ ᠲᠤᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠶᠢ ᠳᠣᠪᠤᠶᠢᠯᠭᠠᠵᠤ᠂ ᠬᠠᠶᠢᠷ ᠴᠢᠯᠠᠭᠤ ᠰᠢᠷᠣᠶ ᠶᠢᠨ ᠲᠥᠷᠥᠯ ᠤᠨ ᠠᠭᠤᠷᠬᠠᠶ ᠳᠤ᠂ ᠲᠡᠭᠦᠨ ᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠳᠣᠭᠢᠷᠠᠬᠤ ᠪᠣᠬᠢᠷᠲᠤᠯ ᠥᠬᠡᠶ ᠠᠭᠤᠷᠬᠠᠶ ᠶᠢ ᠦᠨᠡᠯᠡᠬᠦ ᠭᠦᠢᠴᠡᠳᠬᠡᠯ ᠲᠤᠭ᠎ᠠ ᠲᠣᠭᠲᠠᠭᠠᠵᠤ᠂ ᠭᠦᠢᠴᠡᠳᠬᠡᠯ ᠲᠤᠭ᠎ᠠ ᠶᠢᠨ ᠬᠡᠷᠡᠭᠯᠡᠬᠦ ᠳᠤ ᠵᠣᠬᠢᠷᠠᠬᠤ ᠴᠢᠨᠠᠷ ᠪᠠ ᠬᠡᠷᠡᠭᠵᠢᠭᠦᠯᠬᠦ᠋ᠢᠴᠡ ᠴᠢᠨᠠᠷ ᠢ ᠦᠨᠡᠬᠡᠷ ᠳᠡᠭᠡᠭᠰᠢᠯᠡᠭᠦᠯᠦᠨ᠂ ᠦᠨᠡᠯᠡᠬᠦ ᠭᠦᠢᠴᠡᠳᠬᠡᠯ ᠲᠤᠭ᠎ᠠ ᠶᠢ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠ ᠳᠡᠭᠡᠭᠰᠢᠯᠡᠭᠦᠯᠬᠦ ᠴᠢᠨᠠᠷᠲᠠᠶ ᠭᠦᠢᠴᠡᠳᠬᠡᠯ ᠲᠤᠭ᠎ᠠ ᠪᠣᠯᠭᠠᠨ ᠳᠣᠭᠢᠷᠠᠭᠤᠯᠵᠤ᠂ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠᠷ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠪᠠ᠃         ᠳᠥᠷᠪᠡ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ       ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠂ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠳᠠᠷᠤᠮᠠᠯᠯᠠᠨ ᠲᠠᠷᠬᠠᠭᠠᠭᠰᠠᠨ ᠪᠤᠰᠤᠳ ᠪᠢᠴᠢᠭ ᠮᠠᠲ᠋ᠧᠷᠢᠶᠠᠯ ᠨᠢ ᠲᠣᠰ ︽ᠮᠡᠳᠡᠭᠳᠡᠯ︾ ᠤᠨ ᠲᠣᠭᠲᠠᠭᠠᠯ ᠯᠤᠭ᠎ᠠ ᠨᠢᠭᠡᠳᠦᠯ ᠥᠬᠡᠶ ᠪᠠᠶᠢᠪᠠᠯ᠂ ︽ᠮᠡᠳᠡᠭᠳᠡᠯ︾ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号