ᠵᠠᠯᠠᠶᠢᠳ ᠬᠤᠰᠢᠭᠤ ᠶᠠᠷᠢᠶᠠᠨ ᠤ ᠤᠷᠤᠯᠳᠤᠭᠠᠨ ᠡᠷᠭᠢᠯᠡᠨ ᠪᠠᠭᠰᠢ ᠰᠤᠷᠤᠬᠴᠢ ᠶᠢᠨ ᠤᠷ᠎ᠠ ᠠᠪᠢᠶᠠᠰ ᠢ ᠪᠠᠳᠠᠷᠠᠭᠤᠯᠵᠠᠢ
ᠨᠡᠶᠢᠲᠡᠯᠡᠭᠰᠡᠨ ᠴᠠᠭ᠄
2024/5/20
    ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠣᠶᠣᠯ ᠢ ᠤᠬᠠᠭᠤᠯᠬᠤ ᠪᠠᠷ 5 ᠰᠠᠷ᠎ᠠ ᠶᠢᠨ 9 ᠤ ᠡᠳᠦᠷ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠢᠨᠳᠡᠷ ᠲᠠᠬᠢ ᠳᠣᠯᠣᠳᠤᠭᠠᠷ ᠳᠤᠮᠳᠠᠳᠤ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ︽ᠨᠠᠮ ᠤᠨ ᠠᠴᠢ ᠳᠤ ᠲᠠᠯᠠᠷᠬᠠᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ - 2024 ᠣᠨ ᠤ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠰᠤᠷᠤᠭᠴᠢᠳ ᠤᠨ ᠭᠤᠤᠯ ᠰᠡᠳᠦᠪᠲᠦ ᠶᠠᠷᠢᠶᠠᠨ ᠤ ᠤᠷᠤᠯᠳᠤᠭᠠᠨ ᠢᠨᠳᠡᠷ ᠲᠠᠬᠢ ᠳᠣᠯᠣᠳᠤᠭᠠᠷ ᠳᠤᠮᠳᠠᠳᠤ ᠰᠤᠷᠭᠠᠭᠤᠯᠢ ᠳᠤ ᠬᠦᠷ ᠬᠦᠭᠵᠢᠶᠠᠨ ᠲᠠᠢ ᠶᠠᠪᠤᠭᠳᠠᠪᠠ᠃     ᠪᠥᠬᠦ ᠬᠤᠰᠢᠭᠤᠨ ᠤ ᠡᠯ᠎ᠡ ᠰᠤᠷᠭᠠᠭᠤᠯᠢ ᠨᠡᠶᠢᠲᠡ 66 ᠪᠠᠭᠰᠢ ᠰᠤᠷᠤᠭᠴᠢ ᠶᠢ ᠰᠣᠩᠭᠤᠨ ᠭᠠᠷᠭᠠᠵᠦ ᠠᠩᠬᠠᠨ ᠤ ᠤᠷᠤᠯᠳᠤᠭᠠᠨ ᠳᠤ ᠣᠷᠣᠯᠴᠠᠭᠤᠯᠪᠠ᠃ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠷᠢᠨ ᠬᠢᠨᠠᠮᠠᠭᠠᠶ ᠰᠢᠯᠭᠠᠷᠠᠭᠤᠯᠤᠯᠲᠠ ᠪᠠᠷ 34 ᠪᠠᠭᠰᠢ ᠰᠤᠷᠤᠭᠴᠢ ᠲᠣᠰ ᠤᠳᠠᠭᠠᠨ ᠤ ᠤᠷᠤᠯᠳᠤᠭᠠᠨ ᠳᠤ ᠤᠷᠤᠯᠴᠠᠪᠠ᠃ ᠤᠷᠤᠯᠳᠤᠭᠠᠨ ᠳᠤ ᠤᠷᠤᠯᠴᠠᠬᠰᠠᠨ ᠪᠠᠭᠰᠢ ᠰᠤᠷᠤᠭᠴᠢ ᠣᠷᠭᠢᠯᠤᠮ᠎ᠠ ᠬᠠᠯᠠᠭᠤᠨ ᠰᠡᠳᠭᠢᠯᠭᠡ ᠪᠠ ᠪᠣᠯᠪᠠᠰᠤᠷᠠᠩᠭᠤᠶ ᠬᠡᠯᠡᠯᠭᠡ ᠪᠠᠷ ᠤᠮᠠᠷᠠᠲᠤ ᠬᠢᠯᠢ ᠶᠢᠨ ᠰᠣᠶᠣᠯ ᠢ ᠭᠦᠨ ᠰᠡᠳᠭᠢᠯᠭᠡ ᠲᠠᠢ ᠶᠠᠷᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠬᠦᠤᠷᠨᠢᠨ᠂ ︽ᠨᠠᠮ ᠤᠨ ᠠᠴᠢ ᠳᠤ ᠲᠠᠯᠠᠷᠬᠠᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠰᠡᠳᠬᠢᠯᠭᠡ ᠪᠠᠨ ᠢᠯᠡᠳᠭᠡᠭᠰᠡᠨ ᠪᠠᠶᠢᠨ᠎ᠠ᠃     ᠲᠣᠰ ᠤᠳᠠᠭᠠᠨ ᠤ ᠤᠷᠤᠯᠳᠤᠭᠠᠨ ᠨᠢ ᠪᠥᠬᠦ ᠬᠤᠰᠢᠭᠤᠨ ᠤ ᠪᠠᠭᠰᠢ ᠰᠤᠷᠤᠭᠴᠢᠳ ᠲᠤ ᠦᠵᠡᠯ ᠰᠠᠨᠠᠭ᠎ᠠ ᠪᠠᠨ ᠰᠣᠯᠢᠯᠴᠠᠬᠤ᠂ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠠᠪᠴᠠᠩ ᠬᠠᠩᠭᠠᠬᠰᠠᠨ ᠢᠶᠠᠷ ᠪᠠᠷᠠᠬᠤ ᠥᠬᠡᠶ ᠪᠥᠬᠦ ᠬᠤᠰᠢᠭᠤᠨ ᠤ ᠪᠠᠭᠰᠢ ᠰᠤᠷᠤᠭᠴᠢᠳ ᠤᠨ ᠨᠠᠮ ᠢᠶᠠᠨ ᠣᠶᠢᠯᠠᠭᠠᠬᠤ᠂ ᠨᠠᠮ ᠤᠨ ᠠᠴᠢ ᠶᠢ ᠮᠠᠭᠲᠠᠨ ᠳᠠᠭᠤᠯᠠᠬᠤ᠂ ᠨᠠᠮ ᠢᠶᠠᠨ ᠳᠠᠭᠠᠵᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠭᠢᠯᠭᠡ ᠶᠢ ᠢᠯᠡᠷᠡᠭᠦᠯᠵᠦ᠂ ᠴᠠᠭ ᠦᠶ᠎ᠡ ᠶᠢᠨ ᠰᠢᠨ᠎ᠡ ᠬᠥᠮᠦᠨ ᠤ ᠰᠦᠭ ᠰᠦᠨᠡᠰᠦ ᠶᠢ ᠱᠤᠭᠤᠬᠤ ᠢᠨᠵᠧᠨᠧᠷᠢᠩ ᠲᠠᠢ ᠨᠢᠭᠲᠠ ᠤᠶᠠᠯᠳᠤᠭᠤᠯᠤᠨ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ᠰᠢᠯᠭᠠᠷᠠᠭᠤᠯᠬᠤ ᠺᠣᠮᠢᠰ ᠤᠨ ᠢᠯᠡ ᠲᠣᠳᠣ᠂ ᠲᠥᠪ ᠭᠤᠣᠯᠴᠢ᠂ ᠡᠷᠬᠡ ᠲᠡᠭᠰᠢ ᠰᠢᠯᠭᠠᠷᠠᠭᠤᠯᠦᠯᠲᠠ ᠪᠠᠷ ︽ᠣᠨᠴᠠ ᠳᠡᠰ ᠤᠨ ᠱᠠᠩᠨᠠᠯ︾ 4᠂ ︽ᠨᠢᠭᠡᠳᠦᠭᠡᠷ ᠳᠡᠰ ᠤᠨ ᠱᠠᠩᠨᠠᠯ︾ 11᠂ ︽ᠬᠤᠶᠠᠳᠤᠭᠠᠷ ᠳᠡᠰ ᠤᠨ ᠱᠠᠩᠨᠠᠯ︾ 19 ᠰᠢᠯᠭᠠᠷᠠᠭᠤᠯᠵᠦ᠂ ᠠᠵᠢᠯ ᠰᠤᠷᠤᠯᠭ᠎ᠠ ᠳᠠᠭᠠᠨ ᠴᠢᠷᠮᠠᠶᠢᠬᠤ ᠲᠤᠬᠠᠢ ᠪᠠᠭᠰᠢ ᠰᠤᠷᠤᠬᠴᠢᠳ ᠢ ᠵᠤᠷᠢᠬᠵᠢᠭᠤᠯᠵᠠᠢ᠃     ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠷᠠᠭᠠᠴᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ︾ ᠪᠠ ᠶᠣᠰᠣ ᠤᠴᠢᠷ ᠢ ᠭᠦᠨᠵᠡᠭᠡᠶ ᠣᠶᠢᠯᠠᠭᠠᠵᠤ᠂ ᠪᠥᠬᠦ ᠬᠤᠰᠢᠭᠤᠨ ᠤ ᠥᠷᠭᠡᠨ ᠣᠯᠠᠨ ᠪᠠᠭᠰᠢ ᠰᠤᠷᠤᠭᠴᠢ ᠶᠢ ᠬᠥᠮᠦᠵᠢᠭᠦᠯᠦᠨ ᠵᠢᠯᠣᠭᠤᠳᠴᠤ ᠪᠠᠶᠢᠭᠠᠳ ᠢᠮᠠᠭᠲᠠ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠪᠤᠯᠦᠨ᠎ᠠ᠃                 ︵ ᠳᠠᠷᠬᠠᠨ   ᠮᠸᠡᠭ ᠴᠦᠢ ᠯᠢᠦ  ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号