ᠰᠢᠨ᠎ᠠ ᠦᠢᠯᠡᠴᠢᠯᠡᠬᠡᠨ ᠤ ᠵᠠᠬᠪᠦᠷ ᠢᠶᠠᠷ ᠦᠨᠳᠦᠰᠦᠨ ᠱᠠᠳᠦᠨ ᠤ ᠡᠮᠴᠢᠯᠡᠭᠡ ᠶᠢᠨ ᠠᠭᠤᠰᠤᠯᠴᠠᠯ ᠢ ᠠᠬᠢᠭᠤᠯᠵᠦ ᠪᠠᠶᠢᠭ᠎ᠠ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2024/5/21
     ᠰᠤᠮᠤ ᠰᠢᠶᠠᠩ ᠪᠠᠯᠭᠠᠰᠤᠨ ᠤ ᠬᠡᠪᠴᠢᠶᠡᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠦᠬᠡᠷᠡᠴᠢᠯᠡᠯᠳᠡ ᠶᠢ ᠤᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ᠦᠨᠳᠦᠰᠦᠨ ᠱᠠᠳᠦᠨ ᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡ᠂ ᠡᠷᠡᠬᠦᠯ ᠴᠢᠬᠢᠷᠠᠭ ᠢ ᠰᠠᠶᠢᠵᠢᠷᠠᠭᠤᠯᠬᠤ ᠠᠵᠢᠯ ᠢ ᠪᠦᠳᠦᠮᠵᠢᠳᠡᠢ ᠠᠬᠢᠭᠤᠯᠬᠤ ᠶᠢᠨ ᠲᠦᠯᠦᠬᠡ᠂ ᠵᠠᠯᠠᠶᠢᠳ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠠᠵᠢᠯ ᠤᠨ ᠰᠡᠳᠬᠢᠮᠵᠢ ᠶᠢᠨ ᠰᠢᠨ᠎ᠡ ᠶᠢ ᠡᠬᠦᠳᠴᠦ᠂ ᠲᠤᠬᠳᠠᠴᠠ ᠶᠢᠨ ᠪᠠᠶᠢᠭᠤᠯᠤᠯᠳᠠ᠂ ᠠᠵᠢᠯ ᠤᠨ ᠦᠢᠯᠡᠴᠢᠯᠡᠭᠡ᠂ ᠴᠢᠳᠠᠪᠦᠷᠢᠳᠡᠨ ᠢ ᠨᠡᠶᠢᠳᠬᠡᠬᠦ ᠵᠡᠷᠭᠡ ᠲᠠᠯ᠎ᠠ ᠪᠠᠷ ᠢᠳᠡᠪᠬᠢᠳᠡᠢ ᠡᠷᠢᠯᠬᠢᠯᠡᠵᠦ᠂ ︽1+3+1︾ ︵ᠲᠠᠷᠦᠢ ᠬᠡᠷ ᠪᠦᠯᠢ ᠶᠢᠨ ᠡᠮᠴᠢ ᠶᠢᠨ ᠪᠦᠯᠬᠦᠮ᠂ ︿ᠭᠤᠷᠪᠠᠨ ᠱᠠᠳᠦᠨ ᠤ ᠡᠮᠴᠢ﹀ ᠬᠠᠮᠵᠢᠯᠴᠠᠬᠤ᠂ ᠨᠢᠬᠡ ᠪᠦᠯᠦᠭ ᠪᠡᠬᠡᠵᠢᠩ ᠤᠨ ᠡᠮᠴᠢ ᠬᠠᠪᠰᠦᠷᠦᠨ ᠲᠡᠳᠬᠦᠬᠦ︶ ᠵᠦᠪᠯᠡᠯᠴᠡᠭᠡᠷ ᠲᠤᠬᠳᠠᠬᠤ ᠦᠢᠯᠡᠴᠢᠯᠡᠬᠡᠨ ᠤ ᠵᠠᠬᠪᠦᠷ ᠢ ᠬᠡᠷᠡᠭᠵᠢᠬᠦᠯᠵᠦ᠂ ᠤᠯᠠᠨ ᠲᠦᠮᠡᠨ ᠤ ᠤᠯᠠᠨ ᠡᠰᠢᠵᠢᠭᠰᠡᠨ ᠡᠷᠡᠬᠦᠯ ᠮᠡᠨᠳᠤ ᠶᠢᠨ ᠦᠢᠯᠡᠴᠢᠯᠡᠬᠡᠨ ᠤ ᠱᠠᠭᠠᠷᠳᠠᠯᠭ᠎ᠠ ᠶᠢ ᠬᠠᠨᠭ᠍ᠭᠠᠵᠦ᠂ ᠵᠦᠪᠯᠡᠯᠴᠡᠭᠡᠷ ᠲᠤᠬᠳᠠᠬᠰᠠᠨ ᠰᠠᠭᠤᠭᠠᠯᠢ ᠠᠷᠠᠳ ᠤᠨ ᠵᠤᠯ ᠵᠢᠷᠭᠠᠯ ᠤᠨ ᠵᠢᠭᠠᠯᠳᠠ ᠲᠤᠭ᠎ᠠ ᠶᠢ ᠲᠡᠭᠡᠭᠰᠢᠯᠡᠬᠦᠯᠦᠭᠰᠡᠨ ᠪᠠᠶᠢᠨ᠎ᠠ᠃      ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠦ ᠶᠢᠨ ᠰᠢᠨ ᠱᠧᠩ ᠲᠤᠰᠬᠤᠨ ᠤ ᠭᠧᠩ ᠸᠧᠨ ᠢ᠄ ︽ᠪᠢ ᠡᠨᠡ ᠵᠢᠯ 80 ᠨᠠᠰᠦᠳᠠᠢ᠂ ᠤᠤᠯ ᠳᠠᠭᠠᠨ ᠪᠦᠷ ᠪᠠᠯᠭᠠᠰᠦᠨ ᠤ ᠡᠮᠨᠡᠯᠬᠡ ᠶᠢᠨ ᠬᠤᠷᠢᠶᠠᠨ ᠳᠤ ᠭᠥᠷᠴᠥ ᠴᠢᠰᠦᠨ ᠲᠠᠷᠦᠯᠳᠠ ᠪᠠᠨ ᠬᠡᠮᠵᠢᠬᠦᠯᠵᠦ ᠪᠠᠶᠢᠵᠡᠢ᠃ ᠬᠡᠷ ᠪᠦᠯᠢ ᠶᠢᠨ ᠡᠮᠴᠢ ᠲᠠᠢ ᠵᠦᠪᠯᠡᠯᠴᠡᠭᠡᠷ ᠲᠤᠬᠳᠠᠬᠰᠠᠨ ᠤ ᠲᠠᠷᠠᠭ᠎ᠠ᠂ ᠬᠡᠷ ᠪᠦᠯᠢ ᠶᠢᠨ ᠡᠮᠴᠢ ᠶᠢᠨ ᠦᠢᠯᠡᠴᠢᠯᠡᠬᠡᠨ ᠤ ᠪᠦᠯᠬᠦᠮ ᠰᠢᠭᠤᠳ ᠭᠡᠷ ᠲᠤ ᠢᠷᠡᠵᠦ᠂ ᠨᠠᠳᠠ ᠳᠤ ᠪᠡᠶ᠎ᠡ ᠶᠢᠨ ᠪᠠᠶᠢᠴᠠᠭᠠᠯᠳᠠ ᠬᠢᠵᠦ ᠦᠭᠳᠡᠭ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃ ᠵᠦᠪᠯᠡᠯᠴᠡᠭᠡᠷ ᠲᠤᠬᠳᠠᠬᠤ ᠠᠵᠢᠯ ᠢ ᠰᠠᠶᠢᠳᠦᠷ ᠬᠢᠬᠦ ᠶᠢᠨ ᠲᠦᠯᠦᠬᠡ᠂ ᠵᠠᠯᠠᠶᠢᠳ ᠬᠤᠰᠢᠭᠤ ᠬᠤᠰᠢᠭᠤᠨ ᠲᠡᠰ ᠤᠨ ᠡᠮᠨᠡᠯᠬᠡ ᠶᠢᠨ ᠬᠤᠷᠢᠶ᠎ᠠ ᠶᠢᠨ ᠭᠤᠤᠯᠯᠠᠬᠴᠢ ᠡᠮᠴᠢ᠂ ᠰᠤᠮᠤ ᠰᠢᠶᠠᠩ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠦᠬᠦ ᠰᠠᠯᠠᠭᠠᠨ ᠤ ᠡᠮᠴᠢ ᠪᠠ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠤᠨ ᠡᠮᠴᠢ ᠪᠠᠷ ᠭᠤᠤᠯ ᠴᠤᠬᠴᠠ ᠪᠤᠯᠭᠠᠬᠰᠠᠨ ᠬᠡᠷ ᠪᠦᠯᠢ ᠶᠢᠨ ᠡᠮᠴᠢ ᠶᠢᠨ ᠪᠦᠯᠬᠦᠮ 232 ᠪᠠᠶᠢᠭᠤᠯᠵᠦ᠂ ᠬᠡᠷ ᠪᠦᠯᠢ ᠶᠢᠨ ᠡᠮᠴᠢ ᠨᠡᠶᠢᠳᠡ 330 ᠬᠦᠮᠦᠨ ᠲᠤᠯᠤᠬᠰᠠᠨ ᠪᠠᠶᠢᠨ᠎ᠠ᠃ ᠲᠡᠳᠡ ᠭᠤᠤᠯᠳᠠᠯᠭ᠎ᠠ ᠲᠠᠢ ᠪᠠᠷ ᠴᠢᠰᠦᠨ ᠲᠠᠷᠦᠯᠳᠠ ᠦᠨᠳᠤᠷ᠂ ᠰᠢᠬᠢᠷ ᠰᠢᠵᠢᠩ ᠡᠪᠡᠳᠴᠢᠨ ᠵᠡᠷᠭᠡ ᠠᠷᠬᠠᠭ ᠡᠪᠡᠳᠴᠢᠨ ᠲᠠᠢ ᠬᠦᠮᠦᠰ ᠲᠤ ᠦᠢᠯᠡᠴᠢᠯᠡᠭᠡ ᠬᠠᠨᠭ᠍ᠭᠠᠵᠦ᠂ ᠦᠨᠳᠦᠰᠦᠨ ᠡᠮᠴᠢᠯᠡᠭᠡ᠂ ᠨᠡᠶᠢᠳᠡ ᠶᠢᠨ ᠡᠷᠡᠬᠦᠯ ᠬᠠᠮᠠᠭᠠᠯᠠᠯ᠂ ᠡᠷᠡᠬᠦᠯ ᠴᠢᠬᠢᠷᠠᠭ ᠤᠨ ᠬᠠᠮᠢᠶᠠᠷᠦᠯᠳᠠ ᠵᠡᠷᠭᠡ ᠲᠠᠯ᠎ᠠ ᠪᠠᠷ ᠦᠢᠯᠡᠴᠢᠯᠡᠳᠡᠭ ᠪᠠᠶᠢᠨ᠎ᠠ᠃ ᠤᠳᠤ ᠪᠤᠯᠳᠠᠯ᠎ᠠ᠂ ᠪᠠᠶᠢᠡᠭᠭᠤ ᠰᠠᠨᠭᠤᠭ᠎ᠠ ᠬᠦᠮᠦᠨ ᠤ ᠵᠦᠪᠯᠡᠯᠴᠡᠭᠡᠷ ᠲᠤᠬᠳᠠᠬᠰᠠᠨ ᠨᠤᠷᠮ᠎ᠠ ᠨᠢ 234552 ᠬᠦᠮᠦᠨ᠂ ᠰᠠᠭᠤᠭᠠᠯᠢ ᠠᠷᠠᠳ ᠤᠨ ᠵᠦᠪᠯᠡᠯᠴᠡᠭᠡᠷ ᠲᠤᠬᠳᠠᠬᠰᠠᠨ ᠪᠦᠷᠬᠦᠯᠳᠡ ᠶᠢᠨ ᠨᠤᠷᠮ᠎ᠠ 75.22% ᠲᠤᠯᠤᠬᠰᠠᠨ ᠪᠠᠶᠢᠨ᠎ᠠ᠃ ᠡᠬᠦᠨ ᠳᠤ᠂ ᠭᠤᠤᠯᠳᠠᠯᠭ᠎ᠠ ᠲᠠᠢ ᠬᠦᠮᠦᠨ ᠲᠠᠢ ᠵᠦᠪᠯᠡᠯᠴᠡᠭᠡᠷ ᠲᠤᠬᠳᠠᠬᠰᠠᠨ 184092 ᠬᠦᠮᠦᠨ᠂ ᠭᠤᠤᠯᠳᠠᠯᠭ᠎ᠠ ᠲᠠᠢ ᠬᠦᠮᠦᠨ ᠲᠠᠢ ᠵᠦᠪᠯᠡᠯᠴᠡᠭᠡᠷ ᠲᠤᠬᠳᠠᠬᠰᠠᠨ ᠨᠤᠷᠮ᠎ᠠ 88.77% ᠲᠤᠯᠤᠬᠰᠠᠨ ᠪᠠᠶᠢᠨ᠎ᠠ᠃ ᠬᠡᠷ ᠪᠦᠯᠢ ᠶᠢᠨ ᠡᠮᠴᠢ ᠪᠦᠯᠬᠦᠮ ᠤᠨ ᠬᠡᠯᠪᠡᠷᠢ ᠪᠠᠷ ᠦᠢᠯᠡᠴᠢᠯᠡᠭᠡ ᠦᠷᠨᠢᠬᠦᠯᠵᠦ᠂ ᠤᠯᠠᠨ ᠲᠦᠮᠡᠨ ᠳᠤ ᠨᠡᠩ ᠲᠦᠬᠦᠮ᠂ ᠲᠤᠳᠤᠨᠤᠰᠤᠭ ᠶᠡᠷᠦᠩᠭᠡᠶᠢᠯᠡᠭᠰᠡᠨ ᠦᠨᠳᠦᠰᠦᠨ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃      ᠤᠯᠠᠨ ᠲᠦᠮᠡᠨ ᠳᠤ ᠡᠬᠦᠳᠡᠨ ᠡᠮᠦᠨ᠎ᠡ ᠪᠠᠨ ︽ᠲᠤᠰᠬᠠᠢ ᠮᠡᠷᠬᠡᠵᠢᠯᠳᠡᠨ︾ ᠤ ᠦᠢᠯᠡᠴᠢᠯᠡᠭᠡ ᠡᠳ᠋ᠯᠡᠬᠦᠯᠬᠦ ᠶᠢᠨ ᠲᠦᠯᠦᠬᠡ᠂ ᠵᠠᠯᠠᠶᠢᠳ ᠬᠤᠰᠢᠭᠤ ︽ᠭᠤᠷᠪᠠᠨ ᠱᠠᠳᠦᠨ ᠤ ᠡᠮᠴᠢ︾ ᠬᠠᠮᠳᠤᠷᠠᠨ ᠤᠨᠤᠰᠢᠯᠠᠬᠤ ᠶᠢ ᠬᠡᠷᠡᠭᠵᠢᠬᠦᠯᠵᠦ᠂ ᠲᠤᠰᠬᠤᠨ ᠤ ᠡᠮᠴᠢ ᠠᠴᠠ ᠰᠤᠮᠥ ᠰᠢᠶᠠᠩ ᠪᠠᠯᠭᠠᠰᠦ ᠶᠢᠨ ᠡᠮᠴᠢ᠂ ᠬᠤᠰᠢᠭᠤᠨ ᠲᠡᠰ ᠤᠨ ᠡᠮᠴᠢᠯᠡᠬᠡᠨ ᠤ ᠪᠠᠶᠢᠭᠤᠯᠤᠮᠵᠢ ᠬᠦᠷᠳᠡᠯ᠎ᠡ᠂ ᠭᠤᠷᠪᠠᠨ ᠱᠠᠳᠦᠨ ᠤ ᠡᠮᠴᠢ ᠪᠦᠳᠦᠮᠵᠢᠳᠡᠢ ᠬᠠᠮᠵᠢᠯᠴᠠᠨ᠂ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠬᠤ ᠶᠢ ᠠᠬᠢᠭᠤᠯᠵᠦ᠂ ᠦᠨᠳᠦᠰᠦᠨ ᠱᠠᠳᠦᠨ ᠤ ᠵᠦᠪᠯᠡᠯᠴᠡᠭᠡᠷ ᠲᠤᠬᠳᠠᠬᠤ ᠦᠢᠯᠡᠴᠢᠯᠡᠬᠡᠨ ᠤ ᠬᠦᠴᠦᠨ ᠢ ᠪᠤᠵᠠᠭᠠᠶᠢᠷᠠᠭᠤᠯᠤᠬᠰᠠᠨ ᠪᠠᠶᠢᠨ᠎ᠠ᠃      2022 ᠤᠨ ᠤ 9 ᠠᠴᠠ ᠨᠠᠭᠠᠰᠢ᠂ ᠵᠠᠩ ᠸᠧᠨ ᠤ ᠲᠠᠭᠠᠭᠤᠯᠭ᠎ᠠ ᠲᠤᠤᠷ᠎ᠠ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠰᠢᠬᠡᠰᠦ ᠱᠦᠬᠦᠷᠡᠬᠦᠯᠬᠦ ᠰᠢᠰᠲ᠋ᠧᠮ ᠤᠨ ᠴᠢᠯᠠᠭᠤᠵᠢᠯ᠂ ᠤᠷᠢᠳᠤ ᠪᠤᠯᠴᠢᠷᠬᠠᠢ ᠶᠢᠨ ᠴᠠᠴᠦᠯᠳᠠ ᠵᠡᠷᠭᠡ ᠡᠪᠡᠳᠴᠢᠨ ᠤ ᠮᠡᠰᠡ ᠵᠠᠰᠠᠯ ᠬᠢᠭᠦ ᠲᠠᠯ᠎ᠠ ᠪᠠᠷ ᠨᠡᠯᠢᠶᠡᠳ ᠦᠨᠳᠦᠷ ᠲᠦᠪᠰᠢᠨ ᠳᠤ ᠬᠦᠷᠦᠭᠰᠡᠨ ᠪᠠᠶᠢᠳᠠᠭ᠃ ᠰᠢᠬᠡᠰᠦ ᠱᠦᠬᠦᠷᠡᠬᠦᠯᠬᠦ ᠭᠠᠳᠠᠷ ᠰᠠᠯᠠᠭ᠎ᠠ ᠠᠴᠠ ᠭᠠᠳᠠᠨ᠎ᠠ᠂ ᠬᠤᠶᠠᠷ ᠪᠦᠯᠦᠭ 9 ᠨᠡᠷᠡᠰ ᠠᠳᠠᠯᠢ ᠪᠤᠰᠤ ᠬᠦᠷᠢᠶᠡᠨ ᠤ ᠲᠤᠰᠬᠠᠢ ᠮᠡᠷᠬᠡᠵᠢᠯᠳᠡᠨ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢ ᠬᠠᠮᠵᠢᠨ 6 ᠭᠤᠤᠯᠳᠠᠯᠭ᠎ᠠ ᠲᠠᠢ ᠲᠤᠰᠬᠠᠢ ᠰᠠᠯᠠᠭ᠎ᠠ ᠪᠠᠶᠢᠭᠤᠯᠵᠦ᠂ 18 ᠲᠦᠷᠤᠯ ᠤᠨ ᠰᠢᠨ᠎ᠠ ᠮᠡᠷᠬᠡᠵᠢᠯ ᠦᠷᠨᠢᠬᠦᠯᠦᠭᠰᠡᠨ ᠪᠠᠶᠢᠨ᠎ᠠ᠃      ᠵᠠᠩ ᠸᠧᠨ ᠤ ᠬᠡᠯᠡᠬᠦ ᠪᠠᠷ᠂ ᠤᠳᠤᠬᠠᠨ ᠳᠤ ᠡᠮᠨᠡᠯᠬᠡ ᠶᠢᠨ ᠬᠤᠷᠢᠶᠠᠨ ᠤ ᠪᠠᠴᠢᠮ ᠡᠮᠨᠡᠯᠬᠡ ᠶᠢᠨ ᠰᠠᠯᠠᠭ᠎ᠠ ᠰᠠᠭᠤᠷᠢ ᠡᠪᠡᠳᠴᠢᠨ ᠢ ᠤᠨᠤᠰᠢᠯᠠᠬᠤ ᠠᠰᠠᠭᠤᠳᠠᠯ ᠶᠡᠭᠡ ᠪᠢᠰᠢ᠂ ᠬᠡᠪᠡᠴᠦ ᠬᠦᠨᠳᠤ ᠠᠶᠦᠯᠳᠡᠢ ᠡᠪᠡᠳᠴᠢᠳᠡᠨ ᠲᠤᠬᠢᠶᠠᠯᠳᠤᠪᠠᠯ ᠲᠤᠷᠰᠢᠯᠭ᠎ᠠ ᠲᠤᠳᠠᠮᠠᠭ᠂ ᠠᠨᠠᠭᠠᠬᠤ ᠤᠬᠠᠭᠠᠨ ᠤ ᠬᠢᠴᠢᠶᠡᠯ ᠤᠷᠤᠬᠤ᠂ ᠮᠡᠰᠡ ᠵᠠᠰᠠᠯ ᠤᠨ ᠵᠢᠯᠤᠭᠤᠳᠤᠯᠭ᠎ᠠ ᠬᠢᠬᠦ ᠵᠡᠷᠭᠡ ᠠᠷᠭ᠎ᠠ ᠪᠠᠷ ᠲᠠᠮᠵᠢᠭᠤᠯᠤᠨ᠂ ᠲᠡᠳᠡᠨ ᠢ ᠬᠠᠪᠰᠦᠷᠦᠨ ᠤᠨᠤᠰᠢᠯᠠᠨ ᠵᠠᠰᠠᠬᠤ ᠴᠢᠳᠠᠪᠦᠷᠢ ᠶᠢ ᠲᠠᠰᠦᠷᠠᠯᠳᠠ ᠦᠬᠡᠢ ᠲᠡᠭᠡᠭᠰᠢᠯᠡᠬᠦᠯᠵᠦ ᠪᠠᠶᠢᠨ᠎ᠠ ᠬᠡᠵᠡᠢ᠃ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠰᠢᠬᠡᠰᠦ ᠱᠦᠬᠦᠷᠡᠬᠦᠯᠬᠦ ᠭᠠᠳᠠᠷ ᠰᠠᠯᠠᠭ᠎ᠠ ᠶᠢᠨ ᠡᠮᠴᠢ ᠭᠤᠤ ᠹᠧᠩ᠄ ︽ᠪᠡᠬᠡᠵᠢᠩ ᠬᠤᠳᠠ ᠶᠢᠨ ᠪᠠᠭᠰᠢ ᠨᠠᠷ ᠪᠢᠳᠡᠨ ᠳᠤ ᠰᠢᠨ᠎ᠡ ᠡᠮᠴᠢᠯᠡᠬᠡᠨ ᠤ ᠮᠡᠷᠬᠡᠵᠢᠯ ᠠᠪᠴᠢᠷᠠᠵᠦ᠂ ᠲᠤᠰᠬᠠᠢ ᠮᠡᠷᠬᠡᠵᠢᠯ ᠤᠨ ᠮᠡᠰᠡ ᠵᠠᠰᠠᠯ ᠤᠨ ᠮᠡᠳᠡᠯᠬᠡ ᠶᠢ ᠤᠯᠠᠮᠵᠢᠯᠠᠨ ᠮᠡᠰᠡ ᠵᠠᠰᠠᠯ ᠤᠨ ᠠᠮᠵᠢᠯᠳᠠ ᠤᠯᠬᠤ ᠨᠤᠷᠮ᠎ᠠ ᠶᠢ ᠪᠠᠳᠦᠯᠠᠵᠠᠢ︾ ᠬᠡᠵᠦ ᠶᠠᠷᠢᠵᠦ ᠪᠠᠶᠢᠯ᠎ᠠ᠃ ᠤᠳᠤ ᠪᠤᠯᠳᠠᠯ᠎ᠠ᠂ ᠵᠠᠩ ᠸᠧᠨ ᠪᠤᠯᠤᠨ ᠡᠮᠴᠢᠯᠡᠬᠡᠨ ᠤ ᠬᠠᠪᠰᠦᠷᠦᠨ ᠲᠡᠳᠬᠦᠬᠦ ᠪᠦᠯᠬᠦᠮ ᠤᠨ ᠡᠮᠴᠢ ᠨᠠᠷ 39 ᠨᠡᠷᠡᠰ ᠵᠠᠯᠠᠭᠤ ᠡᠮᠴᠢ ᠶᠢ ᠲᠠᠭᠠᠭᠤᠯᠤᠨ ᠨᠡᠶᠢᠳᠡ 121 ᠮᠡᠰᠡ ᠵᠠᠰᠠᠯ ᠬᠢᠵᠦ᠂ 19520 ᠬᠦᠮᠦᠨ ᠤᠳᠠᠭ᠎ᠠ ᠤᠨᠤᠰᠢᠯᠠᠨ ᠡᠮᠴᠢᠯᠡᠵᠦ᠂ 839 ᠮᠠᠳᠠᠭ ᠲᠠᠢ ᠡᠪᠡᠳᠴᠢᠨ ᠤ ᠵᠢᠱᠢᠶ᠎ᠡ ᠶᠢ ᠰᠤᠳᠤᠯᠤᠨ ᠶᠠᠷᠢᠯᠴᠠᠵᠦ᠂ 715 ᠤᠳᠠᠭ᠎ᠠ ᠬᠠᠮᠳᠤᠷᠠᠨ ᠤᠨᠤᠰᠢᠯᠠᠵᠦ᠂ ᠵᠠᠯᠠᠶᠢᠳ ᠬᠤᠰᠢᠭᠤ ᠵᠢᠴᠢ ᠤᠶᠢᠷ᠎ᠠ ᠬᠠᠪᠢ ᠶᠢᠨ ᠤᠯᠠᠨ ᠲᠦᠮᠡᠨ ᠳᠤ ᠬᠠᠷᠠᠭᠠᠯᠵᠠᠯ ᠬᠦᠷᠳᠡᠭᠡᠭᠰᠡᠨ ᠪᠠᠶᠢᠨ᠎ᠠ᠃                                                      ︵ᠪᠠᠢ ᠢᠤᠢ ᠯᠢᠶᠠᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号