ᠪᠤᠯᠭᠠᠨᠬᠤᠸᠠ ᠭᠤᠤᠯ ᠰᠤᠷᠭᠠᠭᠤᠯᠢ ᠰᠣᠷᠤᠭᠴᠢᠳ ᠤᠨ ᠬᠢᠴᠢᠶᠡᠯ ᠤᠨ ᠰᠢᠷᠡᠭᠡᠨ ᠤ ᠪᠥᠵᠢᠭ ᠤᠨ ᠤᠷᠤᠯᠳᠤᠭᠠᠨ ᠶᠠᠪᠣᠭᠤᠯᠵᠤ  ᠰᠤᠷᠤᠭᠴᠢᠳ ᠤᠨ ᠡᠷᠡᠭᠦᠯ ᠴᠢᠬᠢᠷᠠᠭ ᠪᠠᠶᠠᠷ ᠪᠠᠶ᠋ᠰᠤᠯ ᠲᠠᠢ ᠦᠰᠤᠨ ᠪᠤᠶᠢᠵᠢᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/5/22
    ᠤᠶᠢᠷ᠎ᠠ ᠳᠤ᠂ ᠵᠠᠯᠠᠶᠢᠳ ᠬᠤᠰᠢᠭᠤᠨ ᠤ ᠪᠣᠯᠭᠠᠨᠬᠤᠸᠠ ᠭᠤᠤᠯ ᠰᠤᠷᠭᠠᠭᠤᠯᠢ ︽ᠬᠤᠶᠠᠷ ᠢ ᠬᠦᠡᠭᠭᠡᠷᠡᠭᠦᠯᠬᠦ︾ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠰᠠᠶᠢᠨ ᠰᠠᠶᠢᠬᠠᠨ ᠤᠷᠠᠯᠢᠭ ᠤᠨ ᠠᠭᠤᠷ ᠠᠮᠢᠰᠬᠤᠯ ᠢ ᠪᠣᠶ ᠪᠣᠯᠭᠠᠬᠤ ᠢᠢᠨ ᠲᠤᠰᠠᠳᠠ᠂ ᠰᠤᠷᠤᠭᠴᠢᠳ ᠤᠨ ᠬᠢᠴᠢᠶᠡᠯ ᠤᠨ ᠰᠢᠷᠡᠭᠡᠨ ᠤ ᠪᠥᠵᠢᠭ ᠤᠨ ᠤᠷᠤᠯᠳᠤᠭᠠᠨ ᠶᠠᠪᠤᠭᠳᠠᠭᠤᠯᠪᠠ᠃    ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠭᠰᠠᠠ ᠰᠤᠷᠤᠭᠴᠢᠳ ᠳᠠᠭᠤᠤ ᠬᠥᠭᠵᠢᠮ ᠤᠨ ᠠᠶ᠎ᠠ ᠴᠤᠤᠷᠢᠶᠠᠲᠤᠬᠤ ᠶᠢ ᠲᠠᠭᠠᠯᠳᠤᠨ ᠬᠢᠴᠢᠶᠡᠯ ᠤᠨ ᠰᠢᠷᠡᠭᠡᠨ ᠳᠡᠭᠡᠷ᠎ᠡ ᠭᠠᠷ ᠢᠶᠠᠨ ᠠᠯᠠᠭᠠᠳᠠᠨ᠂ ᠲᠣᠯᠣᠭᠠᠢ ᠰᠠᠵᠢᠯᠠᠵᠤ ᠤᠷᠮᠠᠳᠠᠢ ᠪᠦᠵᠢᠭᠯᠡᠵᠤ ᠡᠬᠢᠯᠡᠯ᠎ᠡ᠃ ᠡᠨᠡ ᠨᠢ ᠰᠤᠷᠤᠭᠴᠢᠳ ᠤᠨ ᠢᠳᠡᠪᠬᠢᠲᠡᠢ ᠡᠷᠡᠭᠦᠯ ᠴᠢᠭᠢᠷᠠᠭ᠂ ᠥᠷᠨᠢᠭᠦᠨ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃    ︽ ᠰᠤᠷᠤᠭᠴᠢᠳ ᠤᠨ ᠬᠢᠴᠢᠶᠡᠯ ᠤᠨ ᠰᠢᠷᠡᠭᠡᠨ ᠤ ᠪᠦᠵᠢᠭ ᠮᠠᠨᠤᠰ ᠤᠨ ᠪᠠᠭᠠᠷᠬᠠᠯ ᠢ ᠲᠠᠲᠠᠵᠤ ᠶᠡᠬᠡᠳᠡ ᠲᠠᠭᠠᠰᠢᠶᠠᠭᠳᠠᠵᠤ ᠪᠠᠶᠢᠨ᠎ᠠ᠂ ᠬᠢᠴᠢᠶᠡᠯ ᠤᠨ ᠰᠢᠷᠡᠭᠡᠨ ᠤ ᠪᠥᠵᠢᠭ ᠤᠨ ᠤᠷᠤᠯᠳᠤᠭᠠᠨ ᠨᠢ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠪᠠᠷ ᠪᠠᠷᠠᠬᠤ ᠦᠭᠡᠢ ᠪᠢᠳᠡᠨ ᠤ ᠰᠤᠷᠭᠠᠭᠤᠯᠢ ᠶᠢᠨ ᠬᠦᠷᠢᠶᠡᠨ ᠳᠤ ᠪᠠᠶᠠᠷ ᠬᠥᠷ ᠲᠠᠢ ᠰᠤᠷᠤᠯᠴᠠᠵᠤ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭᠲᠠᠶ ᠶᠤᠮ︾ ᠭᠡᠵᠤ ᠪᠣᠯᠭᠠᠨᠬᠤᠸᠠ ᠭᠤᠣᠯ ᠰᠤᠷᠭᠠᠭᠤᠯᠢ ᠶᠢᠨ ᠲᠠᠪᠤᠳᠤᠭᠠᠷ ᠣᠨ ᠤ ᠰᠤᠷᠤᠭᠴᠢ ᠵᠤᠣ ᠽᠢ ᠢᠤᠢ ᠬᠡᠯᠡᠵᠤ ᠪᠠᠶᠢᠯ᠎ᠠ᠃ᠲᠣᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ᠂ ᠪᠤᠯᠭᠠᠨᠬᠤᠸᠠ ᠭᠤᠤᠯ ᠰᠤᠷᠭᠠᠭᠤᠯᠢ ︽ᠬᠤᠶᠠᠷ ᠢ ᠬᠦᠡᠭᠭᠡᠷᠡᠭᠦᠯᠬᠦ︾ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠬᠤ ᠤᠷᠮ᠎ᠠ ᠵᠤᠷᠢᠭ ᠢ ᠨᠡᠮᠡᠭᠳᠡᠭᠦᠯᠵᠤ᠂ ᠰᠤᠷᠤᠭᠴᠢᠳ ᠤᠨ ᠡᠷᠡᠭᠦᠯ ᠴᠢᠬᠢᠷᠠᠭ ᠪᠠᠶᠠᠷ ᠪᠠᠶᠠᠰᠤᠯ ᠲᠠᠢ ᠪᠠᠷ ᠦᠰᠤᠨ ᠪᠤᠶᠢᠵᠢᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号