ᠳᠡᠮᠡᠭᠡᠴᠢ ᠭᠤᠤᠯ ᠰᠤᠷᠭᠠᠭᠤᠯᠢ ᠥᠢᠯᠡᠳᠥᠯᠭᠡ ᠶᠢᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/5/22
   ᠰᠤᠷᠤᠭᠴᠢᠳ ᠤᠨ ᠪᠠᠶᠢᠭᠠᠯᠢ ᠶᠢ ᠠᠵᠢᠭᠯᠠᠬᠤ᠂ ᠠᠮᠢᠳᠥ ᠪᠤᠳᠠᠰ ᠤᠨ ᠤᠯᠠᠨ ᠶᠠᠩᠵᠤᠳᠥ ᠴᠢᠨᠠᠷ ᠢ ᠤᠶᠢᠯᠠᠭᠠᠬᠤ ᠳᠤᠷ᠎ᠠ ᠰᠤᠨᠢᠷᠬᠠᠯ ᠢ ᠬᠦᠮᠥᠵᠢᠬᠦᠯᠥᠨ᠂ ᠨᠡᠬᠦᠳᠡᠯ ᠤᠨ ᠰᠢᠪᠠᠭᠤᠳ ᠢ ᠬᠠᠶᠢᠷᠠᠯᠠᠨ ᠬᠠᠮᠠᠭᠠᠯᠠᠬᠤ ᠦᠵᠡᠯ ᠲᠠᠨᠢᠯᠳᠠ ᠶᠢ ᠤᠯᠠᠮ ᠳᠡᠭᠡᠭᠰᠢᠯᠡᠬᠦᠯᠬᠦ ᠶᠢᠨ ᠲᠦᠯᠥᠭᠡ᠂ 5 ᠰᠠᠷ᠎ᠠ ᠶᠢᠨ 22 ᠤᠨ  ᠲᠡᠯᠡᠬᠡᠢ ᠶᠢᠨ ᠠᠮᠢᠳᠦ  ᠪᠤᠳᠠᠰ ᠤᠨ  ᠤᠯᠠᠨ  ᠶᠠᠩᠵᠤᠳᠦ ᠴᠢᠨᠠᠷ ᠤᠨ  ᠡᠳᠦᠷ ᠲᠤ ᠲᠤᠬᠢᠶᠠᠯᠳᠤᠭᠤᠯᠤᠨ᠂ ᠤᠶᠢᠷ᠎ᠠ ᠳᠤ ᠵᠠᠯᠠᠶᠢᠳ ᠬᠤᠰᠢᠭᠤᠨ ᠤ ᠳᠡᠮᠡᠭᠡᠴᠢ ᠭᠤᠤᠯ ᠰᠤᠷᠭᠠᠭᠤᠯᠢ ᠳᠡᠮᠡᠭᠡᠴᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠲᠠᠢ ᠬᠠᠮᠳᠤᠷᠠᠨ ︽ᠨᠡᠬᠦᠳᠡᠯ ᠤᠨ ᠰᠢᠪᠠᠭᠤᠳ ᠲᠠᠢ ᠬᠠᠨᠢᠯᠠᠨ ᠠᠮᠢᠳᠥ ᠪᠤᠳᠠᠰ ᠤᠨ ᠤᠯᠠᠨ ᠶᠠᠩᠵᠤᠳᠥ ᠴᠢᠨᠠᠷ ᠢ ᠬᠠᠮᠳᠥᠪᠠᠷ ᠬᠠᠮᠠᠭᠠᠯᠠᠶ᠎ᠠ︾ ᠭᠡᠬᠦ ᠭᠤᠤᠯ ᠰᠡᠳᠥᠪᠳᠥ ᠥᠢᠯᠡᠳᠥᠯᠭᠡ ᠶᠢᠨ ᠠᠵᠢᠯᠯᠠᠭ᠎ᠠ ᠶᠠᠪᠤᠭᠳᠠᠭᠤᠯᠪᠠ᠃    ᠳᠡᠮᠡᠭᠡᠴᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ  ᠠᠵᠢᠯᠳᠠᠨ ᠠᠴᠠ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠦᠵᠡᠬᠦᠯᠭᠡ ᠶᠢᠨ ᠳᠤᠭᠤᠷᠢᠭ ᠪᠠ ᠳᠤᠭᠯᠠᠭᠠᠮ ᠤᠨ ᠳᠤᠭᠤᠷᠢᠭ ᠳᠤᠬᠢᠷᠠᠭᠤᠯᠵᠤ᠂ ᠨᠡᠬᠦᠳᠡᠯ ᠤᠨ ᠰᠢᠪᠠᠭᠤᠳ ᠤᠨ ᠲᠦᠷᠥᠯ ᠵᠥᠢᠯ ᠢ ᠲᠠᠨᠢᠯᠴᠠᠭᠤᠯᠥᠨ᠂ ᠨᠡᠬᠦᠳᠡᠯ ᠤᠨ ᠰᠢᠪᠠᠭᠤᠳ ᠢ ᠬᠡᠷᠬᠢᠨ ᠬᠠᠮᠠᠭᠠᠯᠠᠬᠤ ᠳᠤᠬᠠᠢ ᠳᠠᠶᠢᠯᠪᠤᠷᠢᠯᠡᠨ ᠦᠭᠴᠡᠢ᠃ ᠰᠤᠷᠤᠭᠴᠢᠳ ᠳᠤᠭᠯᠠᠭᠠᠮ ᠤᠨ ᠳᠤᠭᠤᠷᠢᠭ ᠲᠤ ᠨᠡᠬᠦᠳᠡᠯ ᠤᠨ ᠰᠢᠪᠠᠭᠤ ᠶᠢ ᠵᠢᠷᠤᠬᠤ᠂ ᠨᠡᠬᠦᠳᠡᠯ ᠤᠨ ᠰᠢᠪᠠᠭᠤ ᠶᠢᠨ ᠬᠠᠶᠢᠴᠢᠯᠠᠮᠠᠯ ᠵᠢᠷᠤᠭ ᠨᠠᠭᠠᠬᠤ ᠵᠡᠷᠭᠡ ᠬᠡᠯᠪᠡᠷᠢ ᠪᠠᠷ ᠳᠠᠮᠵᠢᠨ ᠨᠡᠬᠦᠳᠡᠯ ᠤᠨ ᠰᠢᠪᠠᠭᠤ ᠶᠢ ᠬᠠᠮᠠᠭᠠᠯᠠᠬᠤ᠂ ᠡᠭᠡ ᠪᠠᠶᠢᠭᠠᠯᠢ ᠪᠠᠨ ᠬᠠᠮᠠᠭᠠᠯᠠᠬᠤ ᠳᠤᠬᠠᠢ ᠤᠯᠠᠮ ᠬᠦᠨᠵᠡᠬᠡᠢ ᠲᠠᠨᠢᠯᠳᠠ ᠲᠠᠢ ᠪᠤᠯᠵᠠᠢ᠃     ᠰᠤᠷᠭᠠᠭᠤᠯᠢ ᠶᠢᠨ ᠪᠠᠭᠰᠢ ᠠᠴᠠ ᠰᠤᠷᠤᠭᠴᠢᠳ ᠲᠤ ᠨᠡᠬᠦᠳᠡᠯ ᠤᠨ ᠰᠢᠪᠠᠭᠤ ᠶᠢ ᠬᠠᠮᠠᠭᠠᠯᠠᠬᠤ ᠪᠠ ᠠᠮᠢᠳᠤ ᠪᠤᠳᠠᠰ ᠤᠨ ᠤᠯᠠᠨ ᠶᠠᠩᠵᠤᠳᠥ ᠴᠢᠨᠠᠷ ᠢ ᠬᠠᠮᠠᠭᠠᠯᠠᠬᠤ ᠴᠢᠬᠤᠯᠠ ᠴᠢᠨᠠᠷ ᠢ ᠳᠠᠶᠢᠯᠪᠤᠷᠢᠯᠠᠨ ᠦᠭᠴᠤ᠂ ᠬᠦᠮᠥᠨ ᠪᠦᠬᠦᠨ ᠤᠯᠤᠰ ᠤᠨ ᠭᠤᠤᠯᠳᠠᠯᠭ᠎ᠠ ᠲᠠᠢ ᠠᠮᠢᠳᠠᠨ ᠤᠷᠭᠤᠮᠠᠯ ᠢ ᠬᠠᠮᠠᠭᠠᠯᠠᠨ᠂ ᠬᠦᠮᠥᠨ ᠪᠦᠬᠦᠨ ᠪᠡᠶ᠎ᠡ ᠪᠠᠷ ᠢᠶᠠᠨ ᠳᠠᠭᠤᠷᠢᠶᠠᠯ ᠦᠵᠡᠬᠦᠯᠬᠦ ᠶᠢ ᠤᠷᠢᠶᠠᠯᠠᠭᠰᠠᠨ ᠪᠠᠶᠢᠨ᠎ᠠ᠃      ︽ᠦᠨᠥᠳᠥᠷ ᠤᠨ ᠠᠵᠢᠯᠯᠠᠭ᠎ᠠ ᠳᠤ ᠤᠷᠤᠯᠴᠠᠭᠠᠳ ᠮᠠᠰᠢ ᠤᠯᠠᠨ ᠮᠡᠳᠡᠯᠭᠡ ᠰᠤᠷᠤᠭᠰᠠᠨ ᠪᠠᠶᠢᠨ᠎ᠠ᠂ ᠡᠭᠡ ᠪᠠᠶᠢᠭᠠᠯᠢ ᠪᠠᠨ ᠬᠠᠮᠠᠭᠠᠯᠠᠬᠤ ᠳᠤᠬᠠᠢ ᠰᠢᠨ᠎ᠡ ᠲᠠᠨᠢᠯᠳᠠ ᠲᠠᠢ ᠪᠤᠯᠤᠭᠰᠠᠨ ᠪᠦᠭᠡᠳ ᠬᠠᠮᠳᠥ ᠰᠤᠷᠤᠯᠭᠠᠳᠠᠨ ᠲᠠᠢ ᠪᠠᠨ ᠪᠦᠯᠬᠦᠮᠳᠡᠨ ᠤᠷᠤᠭᠰᠢᠯᠠᠬᠤ ᠬᠠᠪᠤ ᠴᠡᠩᠭᠡᠯ ᠢ ᠬᠤᠪᠢᠶᠠᠯᠴᠠᠭᠰᠠᠨ ᠪᠠᠶᠢᠨ᠎ᠠ︾ ᠭᠡᠵᠤ ᠲᠦᠷᠪᠡᠳᠥᠭᠡᠷ ᠤᠨ ᠤ ᠰᠤᠷᠤᠭᠴᠢ ᠼᠠᠢ ᠮᠸᠢ ᠵᠢᠶᠧ ᠬᠡᠯᠡᠪᠡ᠃                           ᠤᠷᠠᠨᠳᠤᠳᠢ  ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号