ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠠᠮᠳᠤᠪᠠᠷ ᠲᠡᠮᠡᠴᠡᠵᠤ ᠪᠠᠶᠢᠭ᠎ᠠ ᠡᠮᠡᠭᠲᠡᠶᠢᠴᠦᠳ
ᠨᠡᠶᠢᠲᠡᠯᠡᠭᠰᠡᠨ ᠴᠠᠭ᠄
2024/5/22
    ︽ᠪᠢᠳᠡ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠦᠵᠡᠰᠭᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠤᠨ᠎ᠠ᠂ ᠬᠠᠢ ᠬᠠᠢ ᠁︾ ᠤᠶᠢᠷ᠎ᠠ ᠳᠤ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠰᠢᠪᠠᠷᠳᠦ ᠭᠠᠴᠠᠭᠠᠨ ᠤ ᠠᠷᠠᠳ ᠤᠨ ᠵᠥᠪᠯᠡᠯ ᠠᠴᠠ ᠡᠶᠢᠮᠤᠷᠬᠦᠤ ᠢᠷᠠᠭᠤ ᠰᠠᠶᠢᠬᠠᠨ ᠠᠶ᠎ᠠ ᠳᠠᠭᠤᠤ ᠬᠠᠨᠭ᠍ᠭᠢᠨᠠᠵᠤ ᠪᠠᠶᠢᠯ᠎ᠠ᠃ ᠵᠢᠯ ᠤᠨ ᠡᠬᠢᠨ ᠠᠴᠠ ᠨᠠᠭᠠᠰᠢ᠂ ᠬᠦᠷᠡᠯ ᠪᠠᠯᠭᠠᠰᠤ ᠶᠢᠨ ᠦᠨᠳᠦᠰᠦᠨ ᠱᠠᠲᠤᠨ ᠤ ᠡᠮᠡᠭᠲᠡᠶᠢᠴᠦᠳ ᠤᠨ ᠭᠤᠣᠯᠯᠠᠭᠴᠢ ᠬᠦᠴᠦᠨ᠂ ᠲᠣᠰᠬᠤᠨ ᠤ ᠠᠷᠠᠳ ᠤᠨ ᠰᠠᠶᠢᠨ ᠲᠤᠷᠠᠴᠤᠤᠯ ᠢᠶᠠᠷ ᠪᠦᠷᠢᠯᠳᠦᠭᠰᠡᠨ ᠬᠦᠷᠡᠯ ᠪᠠᠯᠭᠠᠰᠤ ᠶᠢᠨ ︽ᠪᠦᠰᠡᠭᠦᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠤᠷᠠᠨ ᠰᠠᠶᠢᠬᠠᠨ ᠤ ᠲᠣᠭᠯᠠᠯᠲᠠ + ᠰᠤᠷᠤᠯᠴᠠᠯᠭ᠎ᠠ︾ ᠶᠢᠨ ᠬᠡᠯᠪᠡᠷᠢ ᠪᠠᠷ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠯᠠᠨ ᠲᠦᠮᠡᠨ ᠳᠤ ᠤᠯᠠᠮᠵᠢᠯᠠᠪᠠ᠃     ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠭᠤᠣᠯᠳᠠᠯᠭ᠎ᠠ ᠪᠠ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾᠂ ︽ᠡᠮᠡᠭᠲᠡᠶᠢᠴᠦᠳ ᠨᠠᠮ ᠢᠶᠠᠨ ᠲᠠᠭᠠᠵᠤ ᠰᠢᠨ᠎ᠡ ᠠᠶᠠᠨ ᠳᠤ ᠪᠠᠨ ᠡᠷᠡᠯᠬᠡᠭᠯᠡᠨ ᠤᠷᠤᠭᠰᠢᠯᠠᠬᠤ ︾᠂ ︽ᠡᠮᠡᠭᠲᠡᠶᠢᠴᠦᠳ ᠨᠠᠮ ᠢᠶᠠᠨ ᠲᠠᠭᠠᠵᠤ ᠢᠵᠢᠯ ᠲᠥᠪᠲᠦ ᠲᠣᠭᠤᠷᠢᠭ ᠢ ᠬᠠᠮᠲᠤᠪᠠᠷ ᠵᠢᠷᠤᠭᠯᠠᠬᠤ︾ ᠵᠡᠷᠭᠡ ᠲᠤᠰᠬᠠᠢ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 200 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠲᠠᠨᠢᠯᠳᠠ︾ ᠶᠢ ᠦᠨᠡᠨᠬᠦ ᠴᠢᠩᠭᠠᠳᠬᠠᠪᠠ᠃ ︽ᠵᠠᠭᠤ ᠮᠢᠩᠭᠠᠨ ᠲᠦᠮᠡᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠡᠭᠲᠡᠶᠢᠴᠦᠳ ᠤᠨ ᠶᠡᠭᠡ ᠬᠢᠴᠢᠶᠡᠯ ᠤᠨ ᠲᠠᠩᠬᠢᠮ ᠵᠡᠷᠭᠡ ᠤᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 50 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ᠂ 3000 ᠭᠠᠷᠤᠢ ᠬᠥᠮᠥᠨ ᠤᠳᠠᠭ᠎ᠠ ᠣᠷᠣᠯᠴᠠᠪᠠ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ᠂ ᠠᠮᠤᠷ ᠠᠮᠤᠭᠤᠯᠠᠩ ᠡᠵᠢ ᠶᠢᠨ ᠬᠠᠮᠢᠶᠠᠷᠤᠨ ᠬᠠᠮᠠᠭᠠᠯᠠᠬᠤ ᠠᠩᠭᠢ ᠡᠷᠦᠬᠡ ᠳᠤ ᠬᠦᠷᠴᠦ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ᠂ ᠠᠮᠤᠷ ᠲᠦᠪᠰᠢᠨ ᠢᠶᠠᠷ ᠭᠠᠯ ᠴᠠᠬᠢᠯᠭᠠᠨ ᠬᠡᠷᠡᠭᠯᠡᠬᠦ ᠶᠢ ᠤᠬᠠᠭᠤᠯᠤᠨ ᠲᠠᠶᠢᠯᠪᠤᠷᠢᠯᠠᠵᠤ᠂ ᠳᠡᠷᠭᠡᠳᠡᠬᠢ ᠰᠢᠯᠢᠳᠡᠭ ᠨᠡᠶᠢᠲᠡᠯᠢᠭ ᠵᠢᠱᠢᠶ᠎ᠡ ᠶᠢ 7000 ᠭᠠᠷᠤᠢ ᠡᠷᠦᠬᠡ ᠳᠤ ᠤᠬᠠᠭᠤᠯᠪᠠ᠃ ︽3 · 8︾   ᠤ ᠤᠯᠠᠭᠠᠨ ᠲᠤᠭᠴᠢ ︵ᠬᠠᠮᠲᠤ ᠨᠡᠶᠢᠲᠡ︶᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ ᠵᠡᠷᠭᠡ ᠡᠯ᠎ᠡ ᠠᠵᠢᠯ ᠲᠦᠷᠦᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠰᠣᠩᠭᠤᠨ ᠤᠬᠠᠭᠤᠯᠵᠤ᠂ ᠪᠦᠬᠦ ᠤᠯᠤᠰ ᠤᠨ ︽3 · 8︾   ᠤ ᠤᠯᠠᠭᠠᠨ ᠲᠤᠭᠴᠢ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠪᠤᠨ ᠰᠠᠶᠢᠨᠲᠠᠢ ᠭᠡᠷ ᠪᠦᠯᠢ 1᠂ ᠠᠶᠢᠮᠠᠭ ᠤᠨ ᠲᠡᠰ ᠤᠨ ᠪᠠ ᠬᠤᠰᠢᠭᠤᠨ ᠤ ᠲᠡᠰ ᠤᠨ ᠡᠯ᠎ᠡ ᠲᠦᠷᠦᠯ ᠤᠨ ᠨᠡᠶᠢᠲᠡᠯᠢᠭ ᠵᠢᠱᠢᠶ᠎ᠡ ᠶᠢ 500 ᠭᠠᠷᠤᠢ ᠬᠥᠮᠥᠵᠢᠭᠦᠯᠵᠦ᠂ ᠥᠷᠭᠡᠨ ᠤᠯᠠᠨ ᠡᠮᠡᠭᠲᠡᠶᠢᠴᠦᠳ ᠢ ᠬᠦᠰᠡᠯ ᠵᠡᠭᠦᠳᠦ ᠶᠢᠨ ᠬᠦᠭᠡᠭᠡᠴᠡᠯᠳᠦᠭᠴᠢ ᠪᠣᠯᠬᠤ ᠶᠢ ᠵᠣᠷᠢᠭᠵᠢᠭᠤᠯᠪᠠ᠃                     ᠪᠠᠢ ᠢᠦᠢ ᠯᠢᠶᠠᠩ  ᠵᠠᠩ ᠸᠧᠨ ᠰᠢᠩ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号