ᠡᠮᠡᠭᠲᠡᠶᠢᠴᠦᠳ ᠤᠨ ᠦᠢᠯᠡᠰ ᠪᠤᠰᠬᠠᠨ ᠠᠵᠢᠯ ᠣᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠡᠮᠡᠭᠲᠡᠶᠢᠴᠦᠳ ᠤᠨ ᠭᠠᠪᠢᠶ᠎ᠠ ᠪᠠᠶᠢᠭᠤᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/5/22
    4 ᠰᠠᠷ᠎ᠠ ᠪᠠᠷ᠂ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠦᠨ ᠤ ᠾᠧ ᠫᠢᠡᠭ ᠲᠣᠰᠬᠤᠨ ᠤ ᠵᠠᠯᠠᠶᠢᠳ ᠬᠤᠰᠢᠭᠤᠨ ᠤ ᠢᠦᠢ ᠵᠧᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᡁᠢ ᠬᠤᠸᠠ ᠬᠤᠷᠰᠢᠶ᠎ᠠ ᠶᠢᠨ ᠭᠡᠰᠢᠭᠦᠳ ᠢᠶᠠᠨ ᠳᠠᠭᠠᠭᠤᠯᠤᠨ ᠵᠢᠮᠢᠰ ᠤᠨ ᠮᠤᠳᠤᠨ ᠤ ᠰᠠᠯᠠᠭ᠎ᠠ ᠨᠠᠮᠠᠭ᠎ᠠ ᠶᠢ ᠵᠠᠰᠠᠵᠤ᠂ ᠠᠷᠠᠴᠢᠯᠠᠵᠤ᠂ ᠤᠰᠤᠯᠠᠵᠤ ᠪᠠᠶᠢᠨ᠎ᠠ ᠁ 2002 ᠣᠨ ᠳᠤ᠂ ᠵᠢᠶᠠᠩ ᡁᠢ ᠬᠤᠸᠠ ᠤᠯᠤᠰ ᠤᠨ ᠲᠦᠷᠦ ᠶᠢᠨ ᠪᠣᠳᠣᠯᠭ᠎ᠠ ᠳᠤ ᠲᠦᠰᠢᠭᠯᠡᠨ᠂ 245.1 ᠮᠦ ᠠᠭᠯᠠᠭ ᠠᠭᠤᠯᠠ ᠶᠢ ᠳᠠᠭᠠᠭᠠᠴᠢᠯᠠᠨ ᠠᠪᠤᠪᠠ ᠃ 20 ᠵᠢᠯ ᠤᠨ ᠲᠤᠷᠰᠢ᠂ ᠲᠡᠷᠡ ᠳᠠᠭᠠᠭᠠᠴᠢᠯᠠᠭᠰᠠᠨ ᠠᠭᠯᠠᠭ ᠠᠭᠤᠯᠠᠨ ᠳᠤ ᠪᠠᠨ ᠡᠯ᠎ᠡ ᠲᠦᠷᠦᠯ ᠤᠨ ᠵᠢᠮᠢᠰ ᠤᠨ ᠮᠣᠳᠣ ᠶᠢ ᠨᠡᠶᠢᠳᠡ 15 ᠲᠦᠮᠡᠨ ᠰᠠᠭᠤᠷᠢ ᠵᠠᠶᠢᠯᠠᠵᠤ᠂ 300 ᠲᠦᠮᠡᠨ ᠲᠥᠭᠦᠷᠢᠭ ᠤᠨ ᠠᠵᠤ ᠠᠬᠤᠢ ᠶᠢᠨ ᠦᠷᠳᠡᠭ ᠢ ᠡᠭᠦᠳᠪᠡ᠃ 2018 ᠣᠨ ᠳᠤ᠂ ᠲᠤᠰᠬᠠᠢ ᠬᠤᠷᠰᠢᠶ᠎ᠠ ᠨᠢ ︽ᠪᠦᠬᠦ ᠤᠯᠤᠰ ᠤᠨ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ︾ ᠢᠶᠠᠷ ᠦᠨᠡᠯᠡᠭᠳᠡᠪᠡ᠃ ᠵᠢᠶᠠᠩ ᡁᠢ ᠬᠤᠸᠠ ᠬᠤᠷᠰᠢᠶᠠᠨ ᠤ ᠭᠡᠰᠢᠭᠦᠳ ᠢᠶᠠᠨ ᠳᠠᠭᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠡᠮᠡᠭᠲᠡᠶᠢᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠨ᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠰ ᠪᠤᠰᠬᠠᠬᠤ ᠴᠢᠳᠠᠪᠤᠷᠢ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠨᠢᠭᠡᠨᠲᠡ 700 ᠭᠠᠷᠤᠢ ᠬᠥᠮᠥᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠨ᠎ᠠ᠃      ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠡᠮᠡᠭᠲᠡᠶᠢᠴᠦᠳ ᠤᠨ ᠦᠢᠯᠡᠰ ᠪᠤᠰᠬᠠᠨ ᠠᠵᠢᠯ ᠤᠯᠬᠤ ᠶᠢ ᠠᠬᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠦᠢᠯᠡᠰ ᠪᠤᠰᠬᠠᠨ ᠠᠵᠢᠯ ᠤᠯᠬᠤ ᠭᠡᠵᠤ ᠪᠠᠶᠢᠭ᠎ᠠ ᠡᠮᠡᠭᠲᠡᠶᠢᠴᠦᠳ ᠵᠢᠴᠢ ᠠᠵᠢᠯ ᠠᠯᠳᠠᠭᠰᠠᠨ ᠡᠮᠡᠭᠲᠡᠶᠢᠴᠦᠳ ᠤᠨ ᠠᠵᠢᠯ ᠣᠯᠬᠤ ᠬᠡᠷᠡᠭᠴᠡᠭᠡ᠂ ᠬᠥᠳᠡᠯᠮᠦᠷᠢ ᠶᠢᠨ ᠤᠷ᠎ᠠ ᠴᠢᠳᠠᠪᠤᠷᠢ ᠪᠠ ᠠᠵᠢᠯ ᠮᠡᠷᠭᠡᠵᠢᠯ ᠤᠨ ᠪᠣᠯᠪᠠᠰᠤᠷᠠᠯ ᠤᠨ ᠬᠦᠰᠡᠯ ᠢ ᠨᠠᠷᠢᠨ ᠣᠶᠢᠯᠠᠭᠠᠵᠤ᠂ ᠦᠢᠯᠡᠰ ᠪᠤᠰᠬᠠᠨ ᠠᠵᠢᠯ ᠤᠯᠬᠤ ᠶᠢ ᠲᠡᠳᠬᠦᠨ ᠳᠡᠮᠵᠢᠬᠦ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠡᠭᠦᠨ ᠤ ᠬᠠᠮᠲᠤ᠂ ᠡᠮᠡᠭᠲᠡᠶᠢᠴᠦᠳ ᠤᠨ ᠭᠦᠷᠦᠮᠡᠯ᠂ ᠨᠡᠬᠡᠮᠡᠯ᠂ ᠣᠶᠣᠳᠠᠯ᠂ ᠬᠠᠳᠬᠤᠮᠠᠯ ᠵᠡᠷᠭᠡ ᠠᠵᠤ ᠦᠢᠯᠡᠰ ᠤᠨ ᠠᠮᠢᠳᠤᠯᠢᠭ ᠠᠵᠢᠯ ᠣᠯᠭᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠠᠪᠴᠠᠩ ᠪᠠᠶᠢᠭᠤᠯᠤᠨ ᠠᠵᠢᠯ ᠤᠨ ᠪᠠᠶᠢᠷᠢ ᠬᠦᠷᠭᠡᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠡᠷᠭᠡ ᠪᠠᠷ ᠥᠷᠭᠡᠨ ᠣᠯᠠᠨ ᠡᠮᠡᠭᠲᠡᠶᠢᠴᠦᠳ ᠤᠨ ᠦᠢᠯᠡᠰ ᠪᠤᠰᠬᠠᠨ ᠠᠵᠢᠯ ᠤᠯᠬᠤ ᠳᠤ ᠦᠢᠯᠡᠴᠢᠯᠡᠭᠡ ᠬᠠᠩᠭᠠᠪᠠ᠃ ᠲᠦᠷᠦᠭᠦᠬᠡᠨ ᠳᠤ᠂ ︽ᠤᠷᠢᠬᠠᠨ ᠰᠠᠯᠬᠢᠨ ᠠᠵᠢᠯᠯᠠᠭ᠎ᠠ︾ ᠭᠡᠬᠦ ᠡᠮᠡᠭᠲᠡᠶᠢᠴᠦᠳ ᠤᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ 86 ᠠᠵᠢᠯ ᠤᠨ ᠪᠠᠶᠢᠷᠢ ᠬᠠᠩᠭᠠᠪᠠ᠃ ᠲᠠᠷᠢᠶᠠᠯᠠᠩ ᠤᠨ ᠪᠠᠩᠬᠢ ᠶᠢᠨ ᠵᠠᠯᠠᠶᠢᠳ ᠬᠤᠰᠢᠭᠤᠨ ᠳᠠᠬᠢ ᠰᠠᠯᠪᠤᠷᠢ ᠪᠠᠩᠬᠢ ᠲᠠᠢ ᠬᠤᠯᠪᠤᠭᠠᠯᠠᠨ ᠵᠢᠭᠡᠯᠡᠯᠭᠡ ᠶᠢ ᠵᠣᠯᠭᠠᠭᠤᠯᠬᠤ ᠬᠤᠷᠠᠯ ᠬᠢᠵᠦ᠂ ᠪᠥᠬᠦ ᠬᠤᠰᠢᠭᠤᠨ ᠤ ᠡᠮᠡᠭᠲᠡᠶᠢᠴᠦᠳ ᠤᠨ ᠦᠢᠯᠡᠰ ᠪᠤᠰᠬᠠᠭᠴᠢᠳ ᠲᠤ ᠢᠲᠡᠭᠡᠮᠵᠢᠲᠦ ᠵᠢᠭᠡᠯᠡᠯᠭᠡ ᠬᠠᠩᠭᠠᠵᠤ᠂ ᠡᠮᠡᠭᠲᠡᠶᠢᠴᠦᠳ ᠤᠨ ᠦᠢᠯᠡᠰ ᠪᠤᠰᠬᠠᠨ ᠠᠵᠢᠯ ᠣᠯᠬᠤ ᠶᠢ ᠠᠬᠢᠭᠤᠯᠪᠠ᠃    ︽ᠪᠢᠳᠡ ᠯᠠᠵᠤᠤ ᠳᠠᠷᠢᠵᠤ ᠪᠠᠶᠢᠨ᠎ᠠ᠂ ᠡᠮᠡᠭᠲᠡᠶᠢᠴᠦᠳ ᠤᠨ ᠬᠤᠯᠪᠣᠭ᠎ᠠ ᠠᠴᠠ ᠴᠢᠬᠢ ᠬᠠᠩᠭᠠᠨ ᠦᠭᠴᠤ ᠪᠤᠢ᠂ ᠨᠢᠭᠡ ᠮᠦ ᠠᠴᠠ 4000 ᠲᠥᠭᠦᠷᠢᠭ ᠤᠨ ᠤᠷᠤᠯᠭ᠎ᠠ ᠤᠯᠬᠤ ᠳᠤ ᠬᠦᠴᠢᠷᠳᠡᠬᠦ ᠦᠭᠡᠢ︾ ᠭᠡᠵᠤ ᠢᠨᠳᠡᠷ ᠪᠠᠯᠭᠠᠰᠤᠨ ᠤ ᠴᠠᠩ ᠹᠠ ᠲᠣᠰᠬᠤᠨ ᠤ ᠠᠷᠠᠳ ᠯᠢ ᠯᠠᠨ ᠴᠢᠨ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠤᠬᠠᠢ ᠬᠡᠯᠡᠵᠤ ᠪᠠᠶᠢᠯ᠎ᠠ᠃     ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ︽ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠶᠢᠴᠢᠯᠠᠬᠤ᠂ ᠡᠮᠡᠭᠲᠡᠶᠢᠴᠦᠳ ᠤᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢ ᠠᠬᠢᠭᠤᠯᠬᠤ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ︽ᠨᠡᠶᠢᠭᠡᠮ ᠤᠨ ᠵᠤᠬᠢᠶᠠᠨ ᠪᠠᠶᠢᠭᠤᠯᠤᠯᠳᠠ ᠪᠣᠳᠠᠳᠦ ᠶᠠᠪᠤᠳᠠᠯ ᠬᠢᠵᠤ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ ᠂ ᠵᠢᠮᠢᠰ ᠤᠨ ᠮᠣᠳᠣ ᠲᠠᠷᠢᠵᠤ ᠪᠤᠶᠢᠵᠢᠭᠤᠯᠬᠤ᠂ ᠬᠢᠲᠠᠳ ᠡᠪᠡᠰᠦᠨ ᠡᠮ᠂ ᠢᠳᠡᠰᠢᠨ ᠨᠣᠭᠤᠭ᠎ᠠ ᠲᠠᠷᠢᠬᠤ᠂ ᠲᠡᠵᠢᠭᠡᠨ ᠦᠷᠡᠵᠢᠭᠦᠯᠬᠦ ᠵᠡᠷᠭᠡ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠤᠰᠬᠠᠢ ᠲᠣᠰᠬᠤᠨ ᠢ 79 ᠶᠢ ᠪᠣᠢ ᠪᠤᠯᠭᠠᠪᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠢ ᠭᠤᠶᠣᠵᠢᠭᠤᠯᠬᠤ  ᠶᠢᠨ ᠲᠥᠯᠥᠭᠡ᠂ ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠪᠥᠬᠦ ᠬᠤᠰᠢᠭᠤᠨ ᠤ ᠬᠡᠪᠴᠢᠶᠡᠨ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮᠡᠭᠲᠡᠶᠢᠴᠦᠳ ᠦᠵᠡᠰᠭᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠤ ᠰᠣᠯᠢᠯᠴᠠᠬᠤ ᠬᠤᠷᠠᠯ ᠬᠢᠵᠦ᠂ ︽ᠪᠥᠬᠦ ᠤᠯᠤᠰ ᠤᠨ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ︾ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠡᠮᠡᠭᠲᠡᠶᠢᠴᠦᠳ ᠵᠢᠴᠢ ᠭᠡᠷ ᠪᠦᠯᠢ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠪᠡᠶ᠎ᠡ ᠪᠠᠨ ᠲᠠᠭᠠᠭᠠᠨ ᠣᠷᠣᠯᠴᠠᠬᠤ ᠢᠳᠡᠪᠬᠢᠵᠢᠯ ᠢ ᠬᠥᠭᠵᠢᠭᠡᠪᠡ᠃              ᠪᠠᠢ ᠢᠦᠢ ᠯᠢᠶᠠᠩ  ᠵᠠᠩ ᠸᠧᠨ ᠰᠢᠩ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号