| ᠤᠶᠢᠷ᠎ᠠ ᠳᠤ᠂ ᠠᠷᠠᠳ ᠤᠯᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠮᠰᠠᠷ ᠪᠠ ᠠᠶᠤᠯ ᠠᠴᠠ | ᠵᠠᠶᠢᠯᠠᠬᠤ ᠦᠪᠡᠷ ᠢ ᠪᠠᠨ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠬᠦ ᠶᠢᠨ ᠲᠤᠰᠠᠳᠠ᠂ ᠵᠠᠯᠠᠶᠢᠳ ᠬᠤᠰᠢᠭᠤ ᠪᠦᠬᠦ | ᠤᠯᠤᠰ ᠤᠨ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠳᠦᠷ ᠤᠨ | ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠦᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ᠂ ᠠᠪᠤᠷᠠᠨ ᠲᠤᠰᠠᠯᠠᠬᠤ ᠲᠦᠭᠦᠭᠡᠷᠤᠮᠵᠢ ᠶᠢᠨ ᠦᠵᠡᠭᠦᠯᠭᠡ ᠶᠢᠨ ᠲᠤᠭᠤᠷᠢᠭ ᠭᠠᠷᠭᠠᠬᠤ ᠵᠡᠷᠭᠡ | ᠬᠡᠯᠪᠡᠷᠢ ᠪᠠᠷ ᠨᠠᠭᠠᠰᠢ ᠴᠠᠭᠠᠰᠢ ᠶᠠᠪᠤᠵᠤ ᠪᠠᠶᠢᠭ᠎ᠠ ᠠᠷᠠᠳ ᠤᠯᠠᠨ ᠳᠤ ᠭᠠᠮᠰᠢᠭ ᠢ ᠰᠡᠷᠭᠡᠶᠢᠯᠡᠵᠤ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠬᠠᠮᠢᠶ᠎ᠠ ᠪᠦᠭᠦᠢ ᠮᠡᠳᠡᠯᠭᠡ ᠪᠠ ᠠᠪᠤᠷᠠᠨ ᠲᠤᠰᠠᠯᠠᠬᠤ ᠲᠦᠭᠦᠭᠡᠷᠤᠮᠵᠢ ᠶᠢᠨ | ᠲᠤᠬᠠᠢ ᠨᠠᠷᠢᠨ ᠲᠠᠶᠢᠯᠪᠤᠷᠢᠯᠠᠵᠤ ᠦᠭᠪᠡ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠤᠯᠤᠨ᠂ ᠠᠷᠠᠳ ᠤᠯᠠᠨ ᠤ ᠠᠮᠤᠷ ᠲᠦᠪᠰᠢᠨ ᠤ | ᠰᠡᠷᠭᠡᠶᠢᠯᠡᠯᠳᠠ ᠶᠢᠨ ᠤᠬᠠᠮᠰᠠᠷ ᠪᠠ ᠭᠡᠨᠡᠳᠳᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ | ᠲᠡᠭᠡᠭᠰᠢᠯᠡᠭᠦᠯᠦᠨ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠠᠵᠢᠯ ᠳᠤ ᠤᠷᠤᠯᠴᠠᠬᠤ | ᠢᠳᠡᠪᠬᠢᠵᠢᠯ ᠢ ᠲᠠᠶᠢᠴᠢᠯᠠᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ | ᠬᠠᠮᠠᠭᠠᠯᠠᠪᠠ᠃ | ︽ᠦᠨᠤᠳᠤᠷ ᠤᠨ ᠲᠦᠪᠯᠡᠷᠡᠭᠦᠯᠦᠨ ᠤᠬᠠᠭᠤᠯᠭ᠎ᠠ ᠶᠢᠨ ᠠᠵᠢᠯᠯᠠᠭ᠎ᠠ ᠶᠢᠨ ᠲᠠᠷᠠᠭ᠎ᠠ᠂ ᠪᠢᠳᠠ ᠪᠠᠰᠠ ᠦᠨᠳᠤᠰᠤᠨ | ᠱᠠᠳᠦ ᠨᠡᠶᠢᠭᠡᠮ ᠲᠤᠭᠤᠷᠢᠭ ᠢᠶᠠᠷ ᠭᠦᠨᠵᠡᠭᠡᠶᠢᠷᠡᠨ᠂ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠠᠵᠢᠯ ᠤᠨ | ᠤᠬᠠᠭᠤᠯᠭ᠎ᠠ ᠶᠢ ᠴᠢᠩᠭᠠᠳᠬᠠᠬᠤ ᠪᠠᠷ ᠪᠠᠶᠢᠨ᠎ᠠ᠂ ᠨᠡᠶᠢᠭᠡᠮ ᠤᠨ ᠡᠯ᠎ᠡ ᠡᠳᠡᠭᠡᠳ ᠤᠨ ᠤᠯᠤᠰ ᠤᠨ ᠤᠷᠢᠶᠠᠯᠠᠭ᠎ᠠ ᠶᠢ | ᠴᠤᠤᠷᠢᠶᠠᠳᠤᠨ ᠲᠠᠭᠠᠵᠤ᠂ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠠᠵᠢᠯ ᠳᠤ ᠢᠳᠡᠪᠬᠢᠲᠡᠢ | ᠤᠷᠤᠯᠴᠠᠬᠤ ᠶᠢ ᠬᠦᠰᠡᠵᠤ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠳᠠ ᠶᠢᠨ ᠲᠤᠪᠴᠢᠶᠠᠨ ᠤ ᠲᠡᠳ᠋ ᠲᠠᠷᠤᠭ᠎ᠠ ᠫᠠᠨ ᠰᠢᠶᠠᠨ ᠬᠤᠢ ᠬᠡᠯᠡᠵᠤ ᠪᠠᠶᠢᠯ᠎ᠠ᠃ | ᠸᠠᠩ ᠲᠢᠶᠠᠨ ᠲᠢᠶᠠᠨ ᠮᠡᠳᠡᠭᠡᠯᠡᠪᠡ |