ᠵᠠᠯᠠᠶᠢᠳ ᠬᠤᠰᠢᠭᠤᠨ ᠤ 1 ᠵᠠᠮ ᠱᠤᠭᠤᠮ ᠪᠦᠬᠦ ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠰᠤᠳᠤᠨ ᠵᠠᠮ ᠱᠤᠭᠤᠮ ᠢᠶᠠᠷ ᠰᠤᠩᠭᠤᠭᠳᠠᠪᠠ
ᠨᠡᠶᠢᠲᠡᠯᠡᠭᠰᠡᠨ ᠴᠠᠭ᠄
2024/5/22
    ᠦᠪᠡᠷᠳᠡᠭᠡᠨ ᠵᠠᠰᠠᠬᠤ ᠤᠷᠤᠨ ᠤ ᠰᠤᠶᠤᠯ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠲᠦᠷᠦᠬᠦᠬᠡᠨ ᠰᠣᠶᠣᠯ ᠵᠢᠭᠤᠯᠴᠢᠯᠠᠯ ᠤᠨ ᠶᠠᠮᠤᠨ ᠠᠴᠠ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ 82 ᠵᠤᠷᠪᠤᠰ ᠰᠣᠳᠣᠨ ᠵᠠᠮ ᠱᠤᠭᠤᠮ ᠢ ᠨᠡᠶᠢᠳᠡᠯᠡᠵᠦ᠂  ᠡᠭᠦᠨ ᠳᠤ ᠵᠠᠯᠠᠶᠢᠳ ᠬᠤᠰᠢᠭᠤᠨ ᠤ ︽ᠤᠰᠤᠨ ᠲᠤᠲᠤᠷᠭ᠎ᠠ ᠶᠢᠨ ᠲᠠᠷᠢᠶᠠᠨ ᠤ ᠬᠦᠰᠡᠯᠡᠩᠳᠦ ᠠᠶᠠᠯᠠᠯ︾   ᠤᠨ  ᠵᠠᠮ ᠱᠤᠭᠤᠮ ᠰᠤᠩᠭᠤᠭᠳᠠᠪᠠ᠃    ᠵᠠᠯᠠᠶᠢᠳ ᠬᠤᠰᠢᠭᠤᠨ ᠤ ︽ᠤᠰᠤᠨ ᠲᠤᠲᠤᠷᠭ᠎ᠠ ᠶᠢᠨ ᠲᠠᠷᠢᠶᠠᠨ ᠤ ᠬᠦᠰᠡᠯᠡᠩᠳᠦ ᠠᠶᠠᠯᠠᠯ︾ ᠤᠨ ᠵᠠᠮ ᠱᠤᠭᠤᠮ ᠳᠤ᠂ ᠵᠢᠭᠤᠯᠴᠢᠯᠠᠭᠰᠠᠳ ᠵᠠᠯᠠᠶᠢᠳ ᠬᠤᠰᠢᠭᠤᠨ ᠤ ᠤᠰᠤᠨ ᠲᠤᠲᠤᠷᠭ᠎ᠠ ᠶᠢᠨ ᠰᠣᠶᠣᠯ ᠢ ᠭᠦᠨᠵᠡᠭᠡᠢ ᠪᠡᠶᠡᠴᠢᠯᠡᠨ ᠣᠶᠢᠯᠠᠭᠠᠵᠤ᠂ ᠦᠷ᠎ᠠ ᠬᠠᠶᠠᠬᠤ᠂ ᠴᠢᠬᠢ ᠰᠠᠭᠤᠯᠭᠠᠬᠤ ᠠᠴᠠ ᠬᠠᠳᠤᠵᠤ ᠬᠤᠷᠢᠶᠠᠬᠤ᠂ ᠡᠳ᠋ᠰᠢᠭᠦᠯᠵᠤ ᠪᠤᠯᠪᠠᠰᠤᠷᠠᠭᠤᠯᠬᠤ ᠬᠦᠷᠲᠡᠯᠡᠬᠢ ᠤᠰᠤᠨ ᠲᠤᠲᠤᠷᠭ᠎ᠠ ᠶᠢᠨ ᠤᠷᠭᠤᠯᠲᠠ ᠶᠢᠨ ᠪᠦᠬᠦ ᠶᠠᠪᠤᠴᠠ ᠶᠢ ᠪᠡᠶᠡᠴᠢᠯᠡᠨ ᠣᠶᠢᠯᠠᠭᠠᠵᠤ ᠪᠣᠯᠬᠤ ᠪᠥᠭᠡᠳ ᠪᠠᠰᠠ ᠬᠠᠯᠠᠭᠤᠮᠰᠤᠭ ᠳᠤᠳᠤᠨᠤ ᠲᠣᠰᠬᠤᠨ ᠤ ᠠᠷᠠᠳ ᠲᠠᠢ ᠶᠠᠷᠢᠯᠴᠠᠨ ᠰᠤᠯᠢᠯᠴᠠᠵᠦ᠂ ᠲᠤᠬᠠᠢ ᠶᠢᠨ ᠭᠠᠵᠠᠷ ᠤᠨ ᠠᠮᠢᠳᠤᠷᠠᠯ ᠤᠨ ᠳᠠᠳᠬᠠᠯ᠂ ᠤᠯᠠᠮᠵᠢᠯᠠᠯᠲᠤ ᠤᠷ᠎ᠠ ᠮᠡᠷᠭᠡᠵᠢᠯ ᠪᠠ ᠠᠷᠠᠳ ᠤᠨ ᠦᠯᠢᠭᠡᠷ ᠢ ᠣᠶᠢᠯᠠᠭᠠᠨ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠵᠤ᠂ ᠠᠷᠠᠳ ᠤᠨ ᠤᠷᠠᠯᠢᠭ ᠤᠨ ᠷᠢᠳᠢ ᠰᠢᠳᠢ ᠶᠢ ᠣᠶᠢᠯᠠᠭᠠᠵᠤ ᠪᠣᠯᠣᠨ᠎ᠠ᠃ 4 ᠰᠠᠷ᠎ᠠ ᠶᠢᠨ ᠲᠤᠮᠳᠠᠴᠢ ᠪᠠᠷ ᠵᠠᠯᠠᠶᠢᠳ ᠬᠤᠰᠢᠭᠤᠨ ᠤ ᠬᠦᠢᠯᠡᠰᠦᠨ ᠴᠡᠴᠡᠭ ᠢᠳᠡ ᠳᠡᠯᠭᠡᠷᠡᠵᠦ᠂ ᠨᠤᠨ ᠮᠦᠷᠡᠨ ᠬᠦᠢᠯᠡᠰᠦᠨ ᠴᠡᠴᠡᠭ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠰᠤᠶᠤᠯ ᠵᠢᠭᠤᠯᠴᠢᠯᠠᠯ ᠤᠨ ᠠᠵᠢᠯᠯᠠᠭ᠎ᠠ ᠬᠤᠯᠠ ᠤᠶᠢᠷ᠎ᠠ ᠳᠤ ᠠᠯᠳᠠᠷᠳᠠᠢ ᠪᠠᠶᠢᠵᠦ᠂ ᠠᠷᠠᠳ ᠤᠨ ᠰᠠᠭᠤᠴᠠ ᠳᠤ ᠬᠤᠨᠤᠭᠯᠠᠨ᠂ ᠨᠡᠯᠦᠭᠡᠷ ᠶᠡᠭᠡ ᠤᠰᠤᠨ ᠲᠤᠳᠤᠷᠭ᠎ᠠ ᠲᠠᠷᠢᠶ᠎ᠠ ᠶᠢᠨ ᠦᠪᠡᠷᠮᠢᠴᠡ ᠦᠵᠡᠮᠵᠢ ᠶᠢ ᠰᠤᠨᠢᠷᠬᠠᠨ᠂ ᠬᠦᠳᠡᠭᠡ ᠨᠤᠲᠤᠭ ᠤᠨ ᠠᠮᠤᠭᠤᠯᠠᠩ ᠳᠠᠶᠢᠪᠤᠩ ᠪᠦᠭᠡᠳ ᠪᠤᠷᠤᠭᠵᠢᠭᠤᠨ ᠠᠮᠢᠳᠤᠷᠠᠯ ᠢ ᠡᠳ᠋ᠯᠡᠨ ᠪᠠᠶᠠᠰᠴᠤ᠂ ᠤᠨᠴᠠᠯᠢᠭᠳᠦ ᠢᠳᠡᠭᠡᠨ ᠤᠮᠳᠠᠭᠠᠨ ᠢ ᠠᠮᠳᠠᠯᠠᠨ ᠵᠢᠷᠭᠠᠵᠤ ᠪᠤᠯᠬᠤ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号