ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/5/22
    ᠤᠶᠢᠷ᠎ᠠ ᠳᠤ᠂ ᠠᠷᠠᠳ ᠤᠯᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠮᠰᠠᠷ ᠪᠠ ᠠᠶᠤᠯ ᠠᠴᠠ ᠵᠠᠶᠢᠯᠠᠬᠤ ᠦᠪᠡᠷ ᠢ ᠪᠠᠨ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠬᠦ ᠶᠢᠨ ᠲᠤᠰᠠᠳᠠ᠂ ᠵᠠᠯᠠᠶᠢᠳ ᠬᠤᠰᠢᠭᠤ ᠪᠦᠬᠦ ᠤᠯᠤᠰ ᠤᠨ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠦᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠠᠪᠤᠷᠠᠨ ᠲᠤᠰᠠᠯᠠᠬᠤ ᠲᠦᠭᠦᠭᠡᠷᠤᠮᠵᠢ ᠶᠢᠨ ᠦᠵᠡᠭᠦᠯᠭᠡ ᠶᠢᠨ ᠲᠤᠭᠤᠷᠢᠭ ᠭᠠᠷᠭᠠᠬᠤ ᠵᠡᠷᠭᠡ ᠬᠡᠯᠪᠡᠷᠢ ᠪᠠᠷ ᠨᠠᠭᠠᠰᠢ ᠴᠠᠭᠠᠰᠢ ᠶᠠᠪᠤᠵᠤ ᠪᠠᠶᠢᠭ᠎ᠠ ᠠᠷᠠᠳ ᠤᠯᠠᠨ ᠳᠤ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠢᠶ᠎ᠠ ᠪᠦᠭᠦᠢ ᠮᠡᠳᠡᠯᠭᠡ ᠪᠠ ᠠᠪᠤᠷᠠᠨ ᠲᠤᠰᠠᠯᠠᠬᠤ ᠲᠦᠭᠦᠭᠡᠷᠤᠮᠵᠢ ᠶᠢᠨ ᠲᠤᠬᠠᠢ ᠨᠠᠷᠢᠨ ᠲᠠᠶᠢᠯᠪᠤᠷᠢᠯᠠᠵᠤ ᠦᠭᠪᠡ᠃    ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠤᠯᠤᠨ᠂ ᠠᠷᠠᠳ ᠤᠯᠠᠨ ᠤ ᠠᠮᠤᠷ ᠲᠦᠪᠰᠢᠨ ᠤ ᠰᠡᠷᠭᠡᠶᠢᠯᠡᠯᠳᠠ ᠶᠢᠨ ᠤᠬᠠᠮᠰᠠᠷ ᠪᠠ ᠭᠡᠨᠡᠳᠳᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠠᠵᠢᠯ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠪᠠ᠃
                  ᠸᠠᠩ ᠲᠢᠶᠠᠨ ᠲᠢᠶᠠᠨ  ᠰᠡᠭᠦᠳᠡᠷᠯᠡᠨ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号