ᠡᠮᠡᠭᠲᠡᠶᠢᠴᠦᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠠᠮᠳᠤᠪᠠᠷ ᠲᠡᠮᠡᠴᠡᠬᠦ ᠰᠢᠨ᠎ᠡ ᠪᠠᠶᠢᠳᠠᠯ ᠢ ᠡᠭᠦᠳᠴᠤ ᠪᠠᠶᠢᠭ᠎ᠠ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2024/5/22
  ᠣᠶᠢᠷ᠎ᠠ ᠶᠢᠨ ᠵᠢᠯ ᠳᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠦᠢᠯᠡᠰ ᠪᠣᠰᠬᠠᠭᠤᠯᠤᠨ ᠠᠵᠢᠯ ᠤᠯᠭᠤᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠷᠤᠯᠴᠠᠭᠤᠯᠬᠤ᠂ ᠭᠡᠷ ᠪᠦᠯᠢ ᠶᠢᠨ ᠬᠥᠮᠦᠵᠢᠯ ᠢ ᠰᠠᠶᠢᠳᠤᠷ ᠬᠢᠯᠭᠡᠬᠦ᠂ ᠡᠷᠬᠡ ᠠᠰᠢᠭ ᠢ ᠨᠢ ᠬᠠᠮᠠᠭᠠᠯᠠᠬᠤ ᠬᠠᠯᠠᠮᠵᠢᠯᠠᠨ ᠬᠠᠶᠢᠷᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠦᠷᠨᠢᠬᠦᠯᠬᠦ ᠵᠡᠷᠭᠡ ᠵᠢᠷᠭᠤᠭᠠᠨ ᠶᠡᠭᠡ ᠡᠮᠡᠭᠲᠡᠶᠢᠴᠦᠳ ᠤᠨ ᠠᠵᠢᠯᠯᠠᠭ᠎ᠠ ᠶᠢᠨ ᠲᠣᠭᠤᠷᠢᠨ ᠳᠤ ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠵᠤ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠭᠰᠠᠭᠠᠷ ᠢᠷᠡᠵᠡᠢ᠃    ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠡᠮᠡᠭᠲᠡᠶᠢᠴᠦᠳ ᠤᠨ ᠵᠤᠷᠢᠬᠳᠠᠢ ᠪᠠᠷ ᠠᠵᠢᠯᠯᠠᠬᠤ ᠢᠳᠡᠪᠬᠢᠵᠢᠯ ᠢ ᠲᠠᠶᠢᠴᠢᠯᠠᠬᠤ ᠠᠵᠢᠯᠯᠠᠭ᠎ᠠ ᠶᠢ ᠬᠦᠨᠵᠡᠭᠡᠶᠢᠷᠡᠭᠦᠯᠪᠡ     ︽ᠪᠢᠳᠡ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠦᠵᠡᠰᠭᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠤᠨ᠎ᠠ᠂ ᠬᠠᠢ ᠬᠠᠢ ᠁︾ ᠤᠶᠢᠷ᠎ᠠ ᠳᠤ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠰᠢᠪᠠᠷᠳᠦ ᠭᠠᠴᠠᠭᠠᠨ ᠤ ᠠᠷᠠᠳ ᠤᠨ ᠵᠥᠪᠯᠡᠯ ᠠᠴᠠ ᠡᠶᠢᠮᠤᠷᠬᠦᠤ ᠢᠷᠠᠭᠤ ᠰᠠᠶᠢᠬᠠᠨ ᠠᠶ᠎ᠠ ᠳᠠᠭᠤᠤ ᠬᠠᠨᠭ᠍ᠭᠢᠨᠠᠵᠤ ᠪᠠᠶᠢᠯ᠎ᠠ᠃ ᠵᠢᠯ ᠤᠨ ᠡᠬᠢᠨ ᠠᠴᠠ ᠨᠠᠭᠠᠰᠢ᠂ ᠬᠦᠷᠡᠯ ᠪᠠᠯᠭᠠᠰᠤ ᠶᠢᠨ ᠦᠨᠳᠦᠰᠦᠨ ᠱᠠᠲᠤᠨ ᠤ ᠡᠮᠡᠭᠲᠡᠶᠢᠴᠦᠳ ᠤᠨ ᠭᠤᠣᠯᠯᠠᠭᠴᠢ ᠬᠦᠴᠦᠨ᠂ ᠲᠣᠰᠬᠤᠨ ᠤ ᠠᠷᠠᠳ ᠤᠨ ᠰᠠᠶᠢᠨ ᠲᠤᠷᠠᠴᠤᠤᠯ ᠢᠶᠠᠷ ᠪᠦᠷᠢᠯᠳᠦᠭᠰᠡᠨ ᠬᠦᠷᠡᠯ ᠪᠠᠯᠭᠠᠰᠤ ᠶᠢᠨ ︽ᠪᠦᠰᠡᠭᠦᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠤᠷᠠᠨ ᠰᠠᠶᠢᠬᠠᠨ ᠤ ᠲᠣᠭᠯᠠᠯᠲᠠ + ᠰᠤᠷᠤᠯᠴᠠᠯᠭ᠎ᠠ︾ ᠶᠢᠨ ᠬᠡᠯᠪᠡᠷᠢ ᠪᠠᠷ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠯᠠᠨ ᠲᠦᠮᠡᠨ ᠳᠤ ᠤᠯᠠᠮᠵᠢᠯᠠᠪᠠ᠃     ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠭᠤᠣᠯᠳᠠᠯᠭ᠎ᠠ ᠪᠠ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾᠂ ︽ᠡᠮᠡᠭᠲᠡᠶᠢᠴᠦᠳ ᠨᠠᠮ ᠢᠶᠠᠨ ᠲᠠᠭᠠᠵᠤ ᠰᠢᠨ᠎ᠡ ᠠᠶᠠᠨ ᠳᠤ ᠪᠠᠨ ᠡᠷᠡᠯᠬᠡᠭᠯᠡᠨ ᠤᠷᠤᠭᠰᠢᠯᠠᠬᠤ ︾᠂ ︽ᠡᠮᠡᠭᠲᠡᠶᠢᠴᠦᠳ ᠨᠠᠮ ᠢᠶᠠᠨ ᠲᠠᠭᠠᠵᠤ ᠢᠵᠢᠯ ᠲᠥᠪᠲᠦ ᠲᠣᠭᠤᠷᠢᠭ ᠢ ᠬᠠᠮᠲᠤᠪᠠᠷ ᠵᠢᠷᠤᠭᠯᠠᠬᠤ︾ ᠵᠡᠷᠭᠡ ᠲᠤᠰᠬᠠᠢ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 200 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠲᠠᠨᠢᠯᠳᠠ︾ ᠶᠢ ᠦᠨᠡᠨᠬᠦ ᠴᠢᠩᠭᠠᠳᠬᠠᠪᠠ᠃ ︽ᠵᠠᠭᠤ ᠮᠢᠩᠭᠠᠨ ᠲᠦᠮᠡᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠡᠭᠲᠡᠶᠢᠴᠦᠳ ᠤᠨ ᠶᠡᠭᠡ ᠬᠢᠴᠢᠶᠡᠯ ᠤᠨ ᠲᠠᠩᠬᠢᠮ ᠵᠡᠷᠭᠡ ᠤᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 50 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ᠂ 3000 ᠭᠠᠷᠤᠢ ᠬᠥᠮᠥᠨ ᠤᠳᠠᠭ᠎ᠠ ᠣᠷᠣᠯᠴᠠᠪᠠ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ᠂ ᠠᠮᠤᠷ ᠠᠮᠤᠭᠤᠯᠠᠩ ᠡᠵᠢ ᠶᠢᠨ ᠬᠠᠮᠢᠶᠠᠷᠤᠨ ᠬᠠᠮᠠᠭᠠᠯᠠᠬᠤ ᠠᠩᠭᠢ ᠡᠷᠦᠬᠡ ᠳᠤ ᠬᠦᠷᠴᠦ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ᠂ ᠠᠮᠤᠷ ᠲᠦᠪᠰᠢᠨ ᠢᠶᠠᠷ ᠭᠠᠯ ᠴᠠᠬᠢᠯᠭᠠᠨ ᠬᠡᠷᠡᠭᠯᠡᠬᠦ ᠶᠢ ᠤᠬᠠᠭᠤᠯᠤᠨ ᠲᠠᠶᠢᠯᠪᠤᠷᠢᠯᠠᠵᠤ᠂ ᠳᠡᠷᠭᠡᠳᠡᠬᠢ ᠰᠢᠯᠢᠳᠡᠭ ᠨᠡᠶᠢᠲᠡᠯᠢᠭ ᠵᠢᠱᠢᠶ᠎ᠡ ᠶᠢ 7000 ᠭᠠᠷᠤᠢ ᠡᠷᠦᠬᠡ ᠳᠤ ᠤᠬᠠᠭᠤᠯᠪᠠ᠃ ︽3 · 8︾   ᠤ ᠤᠯᠠᠭᠠᠨ ᠲᠤᠭᠴᠢ ︵ᠬᠠᠮᠲᠤ ᠨᠡᠶᠢᠲᠡ︶᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ ᠵᠡᠷᠭᠡ ᠡᠯ᠎ᠡ ᠠᠵᠢᠯ ᠲᠦᠷᠦᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠰᠣᠩᠭᠤᠨ ᠤᠬᠠᠭᠤᠯᠵᠤ᠂ ᠪᠦᠬᠦ ᠤᠯᠤᠰ ᠤᠨ ︽3 · 8︾   ᠤ ᠤᠯᠠᠭᠠᠨ ᠲᠤᠭᠴᠢ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠪᠤᠨ ᠰᠠᠶᠢᠨᠲᠠᠢ ᠭᠡᠷ ᠪᠦᠯᠢ 1᠂ ᠠᠶᠢᠮᠠᠭ ᠤᠨ ᠲᠡᠰ ᠤᠨ ᠪᠠ ᠬᠤᠰᠢᠭᠤᠨ ᠤ ᠲᠡᠰ ᠤᠨ ᠡᠯ᠎ᠡ ᠲᠦᠷᠦᠯ ᠤᠨ ᠨᠡᠶᠢᠲᠡᠯᠢᠭ ᠵᠢᠱᠢᠶ᠎ᠡ ᠶᠢ 500 ᠭᠠᠷᠤᠢ ᠬᠥᠮᠥᠵᠢᠭᠦᠯᠵᠦ᠂ ᠥᠷᠭᠡᠨ ᠤᠯᠠᠨ ᠡᠮᠡᠭᠲᠡᠶᠢᠴᠦᠳ ᠢ ᠬᠦᠰᠡᠯ ᠵᠡᠭᠦᠳᠦ ᠶᠢᠨ ᠬᠦᠭᠡᠭᠡᠴᠡᠯᠳᠦᠭᠴᠢ ᠪᠣᠯᠬᠤ ᠶᠢ ᠵᠣᠷᠢᠭᠵᠢᠭᠤᠯᠪᠠ᠃     ᠡᠮᠡᠭᠲᠡᠶᠢᠴᠦᠳ ᠤᠨ ᠦᠢᠯᠡᠰ ᠪᠤᠰᠬᠠᠨ ᠠᠵᠢᠯ ᠣᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠡᠮᠡᠭᠲᠡᠶᠢᠴᠦᠳ ᠤᠨ ᠭᠠᠪᠢᠶ᠎ᠠ ᠪᠠᠶᠢᠭᠤᠯᠬᠤ ᠶᠢ ᠠᠬᠢᠭᠤᠯᠪᠠ     4 ᠰᠠᠷ᠎ᠠ ᠪᠠᠷ᠂ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠦᠨ ᠤ ᠾᠧ ᠫᠢᠡᠭ ᠲᠣᠰᠬᠤᠨ ᠤ ᠵᠠᠯᠠᠶᠢᠳ ᠬᠤᠰᠢᠭᠤᠨ ᠤ ᠢᠦᠢ ᠵᠧᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᡁᠢ ᠬᠤᠸᠠ ᠬᠤᠷᠰᠢᠶ᠎ᠠ ᠶᠢᠨ ᠭᠡᠰᠢᠭᠦᠳ ᠢᠶᠠᠨ ᠳᠠᠭᠠᠭᠤᠯᠤᠨ ᠵᠢᠮᠢᠰ ᠤᠨ ᠮᠤᠳᠤᠨ ᠤ ᠰᠠᠯᠠᠭ᠎ᠠ ᠨᠠᠮᠠᠭ᠎ᠠ ᠶᠢ ᠵᠠᠰᠠᠵᠤ᠂ ᠠᠷᠠᠴᠢᠯᠠᠵᠤ᠂ ᠤᠰᠤᠯᠠᠵᠤ ᠪᠠᠶᠢᠨ᠎ᠠ ᠁ 2002 ᠣᠨ ᠳᠤ᠂ ᠵᠢᠶᠠᠩ ᡁᠢ ᠬᠤᠸᠠ ᠤᠯᠤᠰ ᠤᠨ ᠲᠦᠷᠦ ᠶᠢᠨ ᠪᠣᠳᠣᠯᠭ᠎ᠠ ᠳᠤ ᠲᠦᠰᠢᠭᠯᠡᠨ᠂ 245.1 ᠮᠦ ᠠᠭᠯᠠᠭ ᠠᠭᠤᠯᠠ ᠶᠢ ᠳᠠᠭᠠᠭᠠᠴᠢᠯᠠᠨ ᠠᠪᠤᠪᠠ ᠃ 20 ᠵᠢᠯ ᠤᠨ ᠲᠤᠷᠰᠢ᠂ ᠲᠡᠷᠡ ᠳᠠᠭᠠᠭᠠᠴᠢᠯᠠᠭᠰᠠᠨ ᠠᠭᠯᠠᠭ ᠠᠭᠤᠯᠠᠨ ᠳᠤ ᠪᠠᠨ ᠡᠯ᠎ᠡ ᠲᠦᠷᠦᠯ ᠤᠨ ᠵᠢᠮᠢᠰ ᠤᠨ ᠮᠣᠳᠣ ᠶᠢ ᠨᠡᠶᠢᠳᠡ 15 ᠲᠦᠮᠡᠨ ᠰᠠᠭᠤᠷᠢ ᠵᠠᠶᠢᠯᠠᠵᠤ᠂ 300 ᠲᠦᠮᠡᠨ ᠲᠥᠭᠦᠷᠢᠭ ᠤᠨ ᠠᠵᠤ ᠠᠬᠤᠢ ᠶᠢᠨ ᠦᠷᠳᠡᠭ ᠢ ᠡᠭᠦᠳᠪᠡ᠃ 2018 ᠣᠨ ᠳᠤ᠂ ᠲᠤᠰᠬᠠᠢ ᠬᠤᠷᠰᠢᠶ᠎ᠠ ᠨᠢ ︽ᠪᠦᠬᠦ ᠤᠯᠤᠰ ᠤᠨ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ︾ ᠢᠶᠠᠷ ᠦᠨᠡᠯᠡᠭᠳᠡᠪᠡ᠃ ᠵᠢᠶᠠᠩ ᡁᠢ ᠬᠤᠸᠠ ᠬᠤᠷᠰᠢᠶᠠᠨ ᠤ ᠭᠡᠰᠢᠭᠦᠳ ᠢᠶᠠᠨ ᠳᠠᠭᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠡᠮᠡᠭᠲᠡᠶᠢᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠨ᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠰ ᠪᠤᠰᠬᠠᠬᠤ ᠴᠢᠳᠠᠪᠤᠷᠢ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠨᠢᠭᠡᠨᠲᠡ 700 ᠭᠠᠷᠤᠢ ᠬᠥᠮᠥᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠨ᠎ᠠ᠃     ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠡᠮᠡᠭᠲᠡᠶᠢᠴᠦᠳ ᠤᠨ ᠦᠢᠯᠡᠰ ᠪᠤᠰᠬᠠᠨ ᠠᠵᠢᠯ ᠤᠯᠬᠤ ᠶᠢ ᠠᠬᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠦᠢᠯᠡᠰ ᠪᠤᠰᠬᠠᠨ ᠠᠵᠢᠯ ᠤᠯᠬᠤ ᠭᠡᠵᠤ ᠪᠠᠶᠢᠭ᠎ᠠ ᠡᠮᠡᠭᠲᠡᠶᠢᠴᠦᠳ ᠵᠢᠴᠢ ᠠᠵᠢᠯ ᠠᠯᠳᠠᠭᠰᠠᠨ ᠡᠮᠡᠭᠲᠡᠶᠢᠴᠦᠳ ᠤᠨ ᠠᠵᠢᠯ ᠣᠯᠬᠤ ᠬᠡᠷᠡᠭᠴᠡᠭᠡ᠂ ᠬᠥᠳᠡᠯᠮᠦᠷᠢ ᠶᠢᠨ ᠤᠷ᠎ᠠ ᠴᠢᠳᠠᠪᠤᠷᠢ ᠪᠠ ᠠᠵᠢᠯ ᠮᠡᠷᠭᠡᠵᠢᠯ ᠤᠨ ᠪᠣᠯᠪᠠᠰᠤᠷᠠᠯ ᠤᠨ ᠬᠦᠰᠡᠯ ᠢ ᠨᠠᠷᠢᠨ ᠣᠶᠢᠯᠠᠭᠠᠵᠤ᠂ ᠦᠢᠯᠡᠰ ᠪᠤᠰᠬᠠᠨ ᠠᠵᠢᠯ ᠤᠯᠬᠤ ᠶᠢ ᠲᠡᠳᠬᠦᠨ ᠳᠡᠮᠵᠢᠬᠦ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠡᠭᠦᠨ ᠤ ᠬᠠᠮᠲᠤ᠂ ᠡᠮᠡᠭᠲᠡᠶᠢᠴᠦᠳ ᠤᠨ ᠭᠦᠷᠦᠮᠡᠯ᠂ ᠨᠡᠬᠡᠮᠡᠯ᠂ ᠣᠶᠣᠳᠠᠯ᠂ ᠬᠠᠳᠬᠤᠮᠠᠯ ᠵᠡᠷᠭᠡ ᠠᠵᠤ ᠦᠢᠯᠡᠰ ᠤᠨ ᠠᠮᠢᠳᠤᠯᠢᠭ ᠠᠵᠢᠯ ᠣᠯᠭᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠠᠪᠴᠠᠩ ᠪᠠᠶᠢᠭᠤᠯᠤᠨ ᠠᠵᠢᠯ ᠤᠨ ᠪᠠᠶᠢᠷᠢ ᠬᠦᠷᠭᠡᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠡᠷᠭᠡ ᠪᠠᠷ ᠥᠷᠭᠡᠨ ᠣᠯᠠᠨ ᠡᠮᠡᠭᠲᠡᠶᠢᠴᠦᠳ ᠤᠨ ᠦᠢᠯᠡᠰ ᠪᠤᠰᠬᠠᠨ ᠠᠵᠢᠯ ᠤᠯᠬᠤ ᠳᠤ ᠦᠢᠯᠡᠴᠢᠯᠡᠭᠡ ᠬᠠᠩᠭᠠᠪᠠ᠃ ᠲᠦᠷᠦᠭᠦᠬᠡᠨ ᠳᠤ᠂ ︽ᠤᠷᠢᠬᠠᠨ ᠰᠠᠯᠬᠢᠨ ᠠᠵᠢᠯᠯᠠᠭ᠎ᠠ︾ ᠭᠡᠬᠦ ᠡᠮᠡᠭᠲᠡᠶᠢᠴᠦᠳ ᠤᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ 86 ᠠᠵᠢᠯ ᠤᠨ ᠪᠠᠶᠢᠷᠢ ᠬᠠᠩᠭᠠᠪᠠ᠃ ᠲᠠᠷᠢᠶᠠᠯᠠᠩ ᠤᠨ ᠪᠠᠩᠬᠢ ᠶᠢᠨ ᠵᠠᠯᠠᠶᠢᠳ ᠬᠤᠰᠢᠭᠤᠨ ᠳᠠᠬᠢ ᠰᠠᠯᠪᠤᠷᠢ ᠪᠠᠩᠬᠢ ᠲᠠᠢ ᠬᠤᠯᠪᠤᠭᠠᠯᠠᠨ ᠵᠢᠭᠡᠯᠡᠯᠭᠡ ᠶᠢ ᠵᠣᠯᠭᠠᠭᠤᠯᠬᠤ ᠬᠤᠷᠠᠯ ᠬᠢᠵᠦ᠂ ᠪᠥᠬᠦ ᠬᠤᠰᠢᠭᠤᠨ ᠤ ᠡᠮᠡᠭᠲᠡᠶᠢᠴᠦᠳ ᠤᠨ ᠦᠢᠯᠡᠰ ᠪᠤᠰᠬᠠᠭᠴᠢᠳ ᠲᠤ ᠢᠲᠡᠭᠡᠮᠵᠢᠲᠦ ᠵᠢᠭᠡᠯᠡᠯᠭᠡ ᠬᠠᠩᠭᠠᠵᠤ᠂ ᠡᠮᠡᠭᠲᠡᠶᠢᠴᠦᠳ ᠤᠨ ᠦᠢᠯᠡᠰ ᠪᠤᠰᠬᠠᠨ ᠠᠵᠢᠯ ᠣᠯᠬᠤ ᠶᠢ ᠠᠬᠢᠭᠤᠯᠪᠠ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠡᠮᠡᠭᠲᠡᠶᠢᠴᠦᠳ ᠤᠨ ᠦᠵᠡᠰᠭᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠡᠷ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠪᠡ    ︽ᠪᠢᠳᠡ ᠯᠠᠵᠤᠤ ᠳᠠᠷᠢᠵᠤ ᠪᠠᠶᠢᠨ᠎ᠠ᠂ ᠡᠮᠡᠭᠲᠡᠶᠢᠴᠦᠳ ᠤᠨ ᠬᠤᠯᠪᠣᠭ᠎ᠠ ᠠᠴᠠ ᠴᠢᠬᠢ ᠬᠠᠩᠭᠠᠨ ᠦᠭᠴᠤ ᠪᠤᠢ᠂ ᠨᠢᠭᠡ ᠮᠦ ᠠᠴᠠ 4000 ᠲᠥᠭᠦᠷᠢᠭ ᠤᠨ ᠤᠷᠤᠯᠭ᠎ᠠ ᠤᠯᠬᠤ ᠳᠤ ᠬᠦᠴᠢᠷᠳᠡᠬᠦ ᠦᠭᠡᠢ︾ ᠭᠡᠵᠤ ᠢᠨᠳᠡᠷ ᠪᠠᠯᠭᠠᠰᠤᠨ ᠤ ᠴᠠᠩ ᠹᠠ ᠲᠣᠰᠬᠤᠨ ᠤ ᠠᠷᠠᠳ ᠯᠢ ᠯᠠᠨ ᠴᠢᠨ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠤᠬᠠᠢ ᠬᠡᠯᠡᠵᠤ ᠪᠠᠶᠢᠯ᠎ᠠ᠃      ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ︽ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠶᠢᠴᠢᠯᠠᠬᠤ᠂ ᠡᠮᠡᠭᠲᠡᠶᠢᠴᠦᠳ ᠤᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢ ᠠᠬᠢᠭᠤᠯᠬᠤ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ︽ᠨᠡᠶᠢᠭᠡᠮ ᠤᠨ ᠵᠤᠬᠢᠶᠠᠨ ᠪᠠᠶᠢᠭᠤᠯᠤᠯᠳᠠ ᠪᠣᠳᠠᠳᠦ ᠶᠠᠪᠤᠳᠠᠯ ᠬᠢᠵᠤ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ ᠂ ᠵᠢᠮᠢᠰ ᠤᠨ ᠮᠣᠳᠣ ᠲᠠᠷᠢᠵᠤ ᠪᠤᠶᠢᠵᠢᠭᠤᠯᠬᠤ᠂ ᠬᠢᠲᠠᠳ ᠡᠪᠡᠰᠦᠨ ᠡᠮ᠂ ᠢᠳᠡᠰᠢᠨ ᠨᠣᠭᠤᠭ᠎ᠠ ᠲᠠᠷᠢᠬᠤ᠂ ᠲᠡᠵᠢᠭᠡᠨ ᠦᠷᠡᠵᠢᠭᠦᠯᠬᠦ ᠵᠡᠷᠭᠡ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠤᠰᠬᠠᠢ ᠲᠣᠰᠬᠤᠨ ᠢ 79 ᠶᠢ ᠪᠣᠢ ᠪᠤᠯᠭᠠᠪᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠢ ᠭᠤᠶᠣᠵᠢᠭᠤᠯᠬᠤ  ᠶᠢᠨ ᠲᠥᠯᠥᠭᠡ᠂ ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠪᠥᠬᠦ ᠬᠤᠰᠢᠭᠤᠨ ᠤ ᠬᠡᠪᠴᠢᠶᠡᠨ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮᠡᠭᠲᠡᠶᠢᠴᠦᠳ ᠦᠵᠡᠰᠭᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠤ ᠰᠣᠯᠢᠯᠴᠠᠬᠤ ᠬᠤᠷᠠᠯ ᠬᠢᠵᠦ᠂ ︽ᠪᠥᠬᠦ ᠤᠯᠤᠰ ᠤᠨ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ︾ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠡᠮᠡᠭᠲᠡᠶᠢᠴᠦᠳ ᠵᠢᠴᠢ ᠭᠡᠷ ᠪᠦᠯᠢ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠪᠡᠶ᠎ᠡ ᠪᠠᠨ ᠲᠠᠭᠠᠭᠠᠨ ᠣᠷᠣᠯᠴᠠᠬᠤ ᠢᠳᠡᠪᠬᠢᠵᠢᠯ ᠢ ᠬᠥᠭᠵᠢᠭᠡᠪᠡ᠃
    ᠭᠡᠷ ᠪᠦᠯᠢ ᠶᠢᠨ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠭᠡᠷ ᠪᠦᠯᠢ ᠶᠢᠨ ᠵᠣᠯ ᠵᠢᠷᠭᠠᠯ ᠠᠮᠤᠷ ᠠᠮᠤᠭᠤᠯᠠᠩ ᠳᠤ ᠬᠦᠴᠦᠨ ᠨᠡᠮᠡᠷᠢᠯᠡᠪᠡ     ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤᠨ ᠳᠤ ᠬᠤᠷᠢᠮᠯᠠᠭᠠᠳᠤᠢ ᠵᠠᠯᠠᠭᠤᠴᠤᠳ ᠲᠤ ᠬᠥᠭᠦᠷᠭᠡ ᠬᠤᠯᠪᠣᠭᠠᠰᠤ ᠪᠤᠯᠵᠤ᠂ ᠰᠢᠨ᠎ᠡ ᠬᠤᠷᠢᠮᠯᠠᠭᠰᠠᠨ ᠭᠡᠷ ᠪᠦᠯᠢ ᠶᠢᠨ ᠵᠦᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠯᠪᠠᠨ ᠵᠢᠷᠦᠮ ᠤᠨ ᠡᠮᠡᠭᠳᠡᠶᠢᠴᠤᠳ ᠤᠨ ᠡᠩᠨᠡᠭᠡ ᠪᠤᠢ᠃ ᠲᠡᠳᠡᠨᠠᠷ ᠨᠠᠰᠤ ᠠᠬᠢᠭᠰᠠᠨ ᠵᠠᠯᠠᠭᠤᠴᠤᠳ ᠢ ᠵᠥᠪ ᠣᠨᠣᠪᠴᠢᠲᠠᠢ ᠤᠷᠤᠭ ᠢᠨᠠᠭ ᠤᠨ ᠦᠵᠡᠯᠲᠡ᠂ ᠰᠢᠯᠢᠳᠡᠭ ᠰᠠᠶᠢᠨ ᠭᠡᠷ ᠤᠨ ᠰᠤᠷᠲᠠᠯ ᠲᠠᠢ ᠪᠣᠯᠭᠠᠬᠤ ᠪᠠᠷ ᠬᠥᠲᠥᠯᠥᠨ ᠵᠢᠯᠣᠭᠤᠳᠤᠭᠰᠠᠨ ᠪᠠᠶᠢᠨ᠎ᠠ᠃     ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠪᠣᠯᠪᠠᠰᠤᠨ ᠤ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠣᠭᠤᠷᠢᠨ ᠳᠤ ︽ᠭᠡᠷ ᠤᠨ ᠰᠤᠷᠲᠠᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ︾ ᠬᠤᠪᠢᠰᠬᠠᠯᠳᠦ ᠬᠠᠮᠳᠦ ᠶᠢᠨ ᠰᠡᠭᠦᠳᠡᠷ ᠪᠠ ᠭᠡᠷ ᠤᠨ ᠶᠤᠰᠦ ᠶᠢ ᠳᠡᠮᠳᠡᠭᠯᠡᠭᠰᠡᠨ ᠨᠤᠮ ᠳᠡᠪᠳᠡᠷ ᠢ ᠴᠤᠭᠯᠠᠭᠤᠯᠬᠤ ᠠᠵᠢᠯᠯᠠᠭ᠎ᠠ ᠶᠢ ᠡᠷᠭᠢᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠳᠦ ᠰᠣᠶᠣᠯ᠂ ᠭᠡᠷ ᠤᠨ ᠰᠤᠷᠭᠠᠯ ᠭᠡᠷ ᠤᠨ ᠰᠤᠷᠳᠠᠯ ᠤᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠡᠶᠡᠯᠳᠡᠭ ᠰᠠᠶᠢᠬᠠᠨ ᠭᠡᠷ ᠤᠨ ᠰᠤᠷᠲᠠᠯ ᠢᠶᠠᠷ ᠲᠦᠭ ᠲᠦᠮᠡᠨ ᠡᠷᠦᠭᠡ ᠶᠢ ᠤᠮᠳᠠᠯᠠᠬᠤ︾ ︽ᠠᠷᠢᠭᠤᠨ ᠴᠢᠬᠡᠴᠢ ᠰᠣᠶᠣᠯ ᠢ ᠭᠡᠷ ᠪᠦᠯᠢ ᠳᠤ ᠬᠦᠷᠭᠡᠬᠦ︾ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠤᠨ᠂ ᠥᠷᠭᠡᠨ ᠣᠯᠠᠨ ᠲᠦᠮᠡᠨ ᠢ ᠬᠥᠮᠥᠵᠢᠭᠦᠯᠦᠨ ᠬᠥᠲᠥᠯᠵᠦ ᠪᠠᠶᠢᠭᠠᠳ ᠰᠢᠯᠢᠳᠡᠭ ᠰᠠᠶᠢᠨ ᠭᠡᠷ ᠤᠨ ᠰᠤᠷᠲᠠᠯ ᠢ ᠪᠣᠶ ᠪᠣᠯᠭᠠᠪᠠ᠃ ᠠᠮᠤᠷ ᠠᠮᠤᠭᠤᠯᠠᠩ ᠭᠡᠷ ᠪᠦᠯᠢ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ︽ᠰᠢᠨᠵᠢᠯᠡᠬᠦ ᠤᠬᠠᠭᠠᠨᠴᠢ᠂ ᠤᠶᠤᠨᠴᠢ ᠪᠠᠷ ᠠᠷᠢᠬᠢ ᠤᠤᠭᠤᠬᠤ︾ ᠵᠡᠷᠭᠡ ᠠᠵᠢᠯᠯᠠᠭ᠎ᠠ ᠶᠢ 40 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠲᠦᠮᠡ ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃     ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠪᠡ    ᠣᠶᠢᠷ᠎ᠠ ᠳᠤ᠂ ᠬᠦᠷᠡᠯ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠠᠴᠠ ᠰᠢᠪᠠᠷᠳᠦ ᠭᠠᠴᠠᠭ᠎ᠠ ᠶᠢᠨ 20 ᠭᠠᠷᠤᠢ ᠡᠮᠡᠭᠲᠡᠶᠢᠴᠤᠳ ᠤᠨ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠵᠤ᠂ ᠦᠵᠡᠰᠭᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠬᠤ ᠠᠵᠢᠯᠯᠠᠭ᠎ᠠ ᠥᠷᠨᠢᠭᠦᠯᠵᠤ᠂ ᠭᠠᠴᠠᠭ᠎ᠠ ᠶᠢᠨ ᠭᠤᠣᠯ ᠵᠡᠭᠡᠯᠢ ᠭᠤᠳᠤᠮᠵᠢ ᠪᠣᠯᠣᠨ ᠵᠠᠮ ᠤᠨ ᠬᠠᠵᠠᠭᠤ ᠶᠢᠨ ᠭᠤᠤ ᠶᠢᠨ ᠬᠤᠭ ᠨᠣᠪᠰᠢ ᠵᠡᠷᠭᠡ ᠶᠢ ᠲᠥᠪᠯᠡᠷᠡᠭᠦᠯᠦᠨ ᠴᠡᠪᠡᠷᠯᠡᠭᠰᠡᠨ ᠪᠠᠶᠢᠨ᠎ᠠ᠃     ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠠᠵᠢᠯ ᠳᠤ ᠢᠳᠡᠪᠬᠢᠲᠡᠢ ᠣᠷᠣᠯᠴᠠᠪᠠ᠃ ᠪᠥᠬᠦ ᠬᠤᠰᠢᠭᠤᠨ ᠤ 15 ᠰᠤᠮᠤ ᠰᠢᠶᠠᠩ ᠪᠠᠯᠭᠠᠰᠤᠨ ᠳᠤ ︽ᠠᠮᠤᠷ ᠠᠮᠤᠭᠤᠯᠠᠩ ᠡᠵᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠠ᠃ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ᠂ ᠣᠷᠤᠭ ᠢᠨᠠᠭ ᠲᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ︽ᠰᠡᠳᠭᠢᠴᠡ ᠶᠢᠨ ᠵᠢᠯᠣᠭᠤᠳᠤᠯᠭ᠎ᠠ︾ ᠵᠡᠷᠭᠡ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠠ᠃ ︽ᠬᠠᠶᠢᠷ᠎ᠠ ᠬᠠᠯᠠᠮᠵᠢᠯᠠᠯᠳᠦ ᠨᠠᠰᠤᠲᠠᠶᠢᠴᠤᠳ ᠢᠶᠠᠨ ᠬᠦᠨᠳᠦᠯᠡᠬᠦ ᠥᠷᠲᠡᠭᠡ︾ ︽ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠭᠡᠷ︾ ︽ᠵᠠᠯᠠᠶᠢᠳ ᠬᠤᠰᠢᠭᠤᠨ ᠤ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠥᠷᠲᠡᠭᠡ ︾ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠤ ᠲᠦᠰᠢᠭᠯᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠣᠳᠠᠳᠦ ᠶᠠᠪᠤᠳᠠᠯ ᠬᠢᠵᠦ ᠥᠭᠭᠦᠭᠰᠡᠨ ᠪᠠᠶᠢᠨ᠎ᠠ᠃    ᠡᠮᠡᠭᠲᠡᠶᠢᠴᠦᠳ ᠬᠡᠦᠬᠡᠳ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠨᠢᠭᠦᠯᠪᠡ    ᠢᠨᠳᠡᠷ ᠪᠠᠯᠭᠠᠰᠤᠨ ᠤ ᠶᠤᠸᠠᠨ ᠯᠦᠩ ᠯᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠰᠢᠦᠢ ᠬᠤᠩ ᠵᠢᠩ ᠰᠢᠭᠡᠰᠦᠨ ᠬᠤᠣᠷᠳᠠᠯᠭ᠎ᠠ ᠶᠢᠨ ᠡᠪᠡᠳᠴᠢᠨ ᠳᠤ ᠨᠡᠷᠪᠡᠭᠳᠡᠵᠦ᠂ ᠠᠮᠢᠳᠤᠷᠠᠯ ᠨᠢ ᠬᠦᠴᠢᠷᠳᠡᠯᠲᠡᠢ᠃ ᠡᠨᠡ ᠪᠠᠶᠢᠳᠠᠯ ᠢ ᠤᠶᠢᠯᠠᠭᠠᠭᠰᠠᠨ ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠬᠢᠨ ᠲᠡᠳᠡᠨ ᠤ ᠭᠡᠷ ᠲᠤ ᠠᠪᠤᠷᠠᠨ ᠲᠤᠰᠠᠯᠠᠬᠤ ᠨᠦᠭᠦᠪᠤᠷᠢ ᠶᠢᠨ ᠮᠥᠩᠭᠦ ᠬᠦᠷᠭᠡᠬᠦ ᠶᠢᠨ ᠬᠠᠮᠳᠦ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠬᠠᠶᠢᠷ᠎ᠠ ᠬᠠᠯᠠᠮᠵᠢ ᠶᠢᠨ ᠬᠥᠮᠥᠰ ᠲᠠᠢ ᠬᠠᠷᠢᠯᠴᠠᠵᠤ᠂ ᠵᠢᠯ ᠴᠠᠭᠠᠨ ᠰᠠᠷ᠎ᠠ ᠪᠣᠯᠬᠤ ᠪᠦᠷᠢ ᠰᠢᠦᠢ ᠬᠤᠩ ᠵᠢᠩ ᠤᠨ ᠬᠢᠨ ᠳᠤ ᠠᠮᠤ ᠭᠤᠯᠢᠷ ᠲᠣᠰᠣ ᠵᠡᠷᠭᠡ ᠠᠮᠢᠳᠤᠷᠠᠯ ᠤᠨ ᠡᠳ᠋ ᠪᠣᠳᠠᠰ ᠪᠣᠯᠣᠨ ᠬᠠᠶᠢᠷ᠎ᠠ ᠬᠠᠯᠠᠮᠵᠢ ᠶᠢᠨ ᠲᠤᠰᠠᠯᠠᠮᠵᠢ ᠶᠢᠨ ᠮᠥᠩᠭᠦ ᠬᠦᠷᠭᠡᠳᠡᠭ᠃
   ᠬᠦᠴᠢᠷᠳᠡᠯᠲᠡᠢ ᠡᠮᠡᠭᠲᠡᠶᠢᠴᠦᠳ ᠬᠡᠦᠬᠡᠳ ᠢ ᠬᠠᠶᠢᠷᠠᠯᠠᠨ ᠬᠠᠯᠠᠮᠵᠢᠯᠠᠵᠤ᠂ ᠲᠦᠭ ᠲᠦᠮᠡᠨ ᠭᠡᠷ ᠪᠦᠯᠢ ᠶᠢᠨ ᠵᠣᠯ ᠵᠢᠷᠭᠠᠯ ᠢ ᠬᠠᠶᠢᠷᠠᠯᠠᠨ ᠬᠠᠮᠠᠭᠠᠯᠠᠬᠤ ᠪᠣᠯ ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠠᠰᠤᠷᠠᠯᠲᠠ ᠦᠭᠡᠢ ᠰᠦᠪᠡᠭᠴᠢᠯᠡᠭᠰᠡᠭᠡᠷ ᠢᠷᠡᠭᠰᠡᠨ ᠰᠡᠳᠦᠪ ᠪᠣᠯᠣᠨ᠎ᠠ᠃ ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠬᠠᠯᠠᠭᠤᠨ ᠰᠡᠳᠭᠢᠯ ᠢᠶᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠥᠷᠨᠢᠭᠦᠯᠤᠨ᠂ ᠵᠠᠯᠠᠶᠢᠳ ᠬᠤᠰᠢᠭᠤᠨ ᠤ ᠡᠮᠡᠭᠲᠡᠶᠢᠴᠦᠳ ᠬᠡᠦᠬᠡᠳ ᠢ ᠠᠪᠤᠷᠠᠨ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠲᠥᠪ ᠤᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠲᠥᠷᠥ ᠶᠢᠨ ᠪᠣᠳᠣᠯᠭ᠎ᠠ᠂ ᠵᠠᠰᠠᠭ ᠤᠨ ᠣᠷᠳᠣᠨ ᠤ ᠬᠠᠯᠠᠮᠵᠢᠯᠠᠯ᠂ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢ ᠠᠮᠢᠳᠤᠷᠠᠯ ᠨᠢ ᠬᠦᠴᠢᠷᠳᠠᠢ ᠭᠡᠷ ᠪᠦᠯᠢ ᠳᠤ ᠳᠠᠮᠵᠢᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠬᠡᠦᠬᠡᠳ ᠲᠤ ᠨᠠᠮ ᠤᠨ ᠠᠴᠢ ᠲᠤᠰᠠ ᠶᠢ ᠦᠨᠡᠨᠬᠦ ᠮᠡᠳᠡᠷᠡᠭᠦᠯᠦᠭᠰᠡᠨ ᠪᠠᠶᠢᠨ᠎ᠠ᠃                       ᠪᠠᠢ ᠢᠦᠢ ᠯᠢᠶᠠᠩ  ᠵᠠᠩ ᠸᠧᠨ ᠰᠢᠩ ᠰᠡᠭᠦᠳᠡᠷᠯᠡᠡ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号