ᠮᠠᠨ ᠤ ᠤᠷᠤᠨ ᠳᠤᠮᠳᠠᠳᠦ ᠪᠠᠭ᠎ᠠ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠳᠠ ᠶᠢᠨ ᠪᠤᠰᠤ ᠳᠠᠷᠤᠭᠠᠰᠦ ᠶᠢ ᠬᠦᠩᠭᠡᠷᠡᠭᠦᠯᠦᠨ᠎ᠠ
ᠨᠡᠶᠢᠲᠡᠯᠡᠭᠰᠡᠨ ᠴᠠᠭ᠄
2024/5/24
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ ᠠᠴᠠ ᠲᠥᠰᠥᠯ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠲᠤᠨ ᠤ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠵᠦᠢᠯᠡᠰ ᠪᠣᠯᠣᠨ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠵᠤ ᠵᠢᠷᠤᠮᠵᠢᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠦᠨ᠎ᠠ᠃      ᠲᠥᠰᠥᠯ ᠳᠤ 6 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠲᠣᠭᠲᠠᠭᠠᠵᠠᠢ᠄ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠳᠤᠮᠳᠠᠳᠤ ᠪᠠᠭ᠎ᠠ ᠰᠤᠷᠭᠠᠭᠤᠯᠢ ᠵᠢᠴᠢ ᠪᠠᠭᠰᠢ ᠨᠠᠷ ᠲᠤ ᠬᠤᠯᠪᠣᠭᠳᠠᠭᠰᠠᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠵᠦᠢᠯᠡᠰ ᠪᠠ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠪᠠᠶᠢᠳᠠᠯ ᠢ ᠰᠢᠰᠲ᠋ᠧᠮ ᠲᠠᠢ ᠣᠶᠢᠯᠠᠭᠠᠨ ᠪᠠᠶᠢᠴᠠᠭᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠬᠢᠨᠠᠮᠠᠭᠠᠢ ᠥᠷᠨᠢᠭᠦᠯᠵᠦ᠂ ᠬᠦᠴᠦᠨ ᠦᠬᠡᠢ ᠪᠤᠯᠭᠠᠵᠤ ᠪᠤᠯᠬᠤ ᠶᠢ ᠨᠢ ᠡᠷᠡᠰ ᠬᠦᠴᠦᠨ ᠦᠬᠡᠢ ᠪᠤᠯᠭᠠᠵᠤ᠂ ᠨᠡᠶᠢᠯᠡᠭᠦᠯᠵᠦ ᠪᠣᠯᠬᠤ ᠶᠢ ᠨᠢ ᠡᠷᠡᠰ ᠨᠡᠶᠢᠯᠡᠭᠦᠯᠤᠨ᠎ᠠ︔ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢ ᠴᠢᠨᠠᠬᠰᠢᠳᠠ ᠡᠮᠬᠢᠯᠡᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠪᠠᠭᠰᠢ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠯᠤᠭ᠎ᠠ ᠶᠢᠨ ᠬᠠᠷᠢᠴᠠᠭ᠎ᠠ ᠶᠢ ᠵᠠᠳᠠᠯᠤᠨ᠂ ᠰᠤᠷᠭᠠᠭᠤᠯᠢ ᠶᠢᠨ ᠡᠭᠦᠷᠭᠡᠯᠡᠵᠦ ᠪᠦᠬᠦᠢ ᠨᠡᠶᠢᠭᠡᠮ ᠤᠨ ᠬᠡᠷᠡᠭ ᠶᠠᠪᠤᠳᠠᠯ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠶᠢ ᠳᠤᠭᠳᠠᠭᠠᠨ᠎ᠠ︔ ᠴᠡᠭᠴᠡᠯᠡᠨ ᠵᠢᠷᠤᠮᠵᠢᠭᠤᠯᠬᠤ ᠶᠢ ᠭᠦᠨᠵᠡᠭᠡᠢ ᠥᠷᠨᠢᠭᠦᠯᠵᠦ᠂ ᠬᠡᠷᠡᠭᠵᠢᠭᠦᠯᠬᠦ ᠲᠠᠰ ᠳᠠᠪᠬᠤᠷᠭ᠎ᠠ᠂ ᠬᠡᠪᠴᠢᠶ᠎ᠡ᠂ ᠶᠡᠷᠦᠩᠬᠡᠢ ᠬᠡᠮᠵᠢᠶ᠎ᠡ᠂ ᠳᠠᠪᠲᠠᠮᠵᠢ ᠤᠳᠠᠭ᠎ᠠ ᠶᠢ ᠴᠢᠩᠭ᠎ᠠ ᠬᠢᠵᠠᠭᠠᠷᠯᠠᠨ ᠂ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠵᠦᠢᠯᠡᠰ ᠪᠠ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠲᠠᠰ ᠳᠠᠷᠠᠭᠠᠯᠠᠯ ᠶᠣᠰᠣᠭᠠᠷ ᠲᠠᠰ ᠳᠡᠪᠰᠢᠭᠦᠯᠦᠨ ᠮᠡᠳᠡᠭᠦᠯᠵᠦ ᠬᠢᠨᠠᠨ ᠵᠦᠪᠰᠢᠶᠡᠷᠡᠬᠦᠯᠦᠨ᠎ᠡ︔ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠵᠦᠢᠯᠡᠰ ᠪᠠ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ︽ᠴᠠᠭᠠᠨ ᠲᠠᠩᠰᠠ︾ ᠶᠢ ᠪᠠᠶᠢᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ︽ᠴᠠᠭᠠᠨ ᠲᠠᠩᠰᠠ︾ ᠳᠤ ᠣᠷᠣᠭᠤᠯᠤᠭᠰᠠᠨ ᠦᠭᠡᠢ ᠵᠦᠢᠯᠡᠰ ᠪᠠ ᠠᠵᠢᠯᠯᠠᠭ᠎ᠠ ᠶᠢ ᠴᠥᠮ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠪᠣᠯᠬᠤ ᠦᠭᠡᠢ︔ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠪᠤᠴᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠵᠢᠯ ᠤᠨ ᠡᠬᠢᠨ ᠤ ᠲᠥᠯᠥᠪᠯᠡᠭᠡ᠂ ᠬᠢᠨᠠᠨ ᠵᠥᠪᠰᠢᠶᠡᠷᠡᠵᠦ ᠮᠡᠳᠡᠭᠦᠯᠦᠨ ᠳᠠᠩᠰᠠᠯᠠᠭᠤᠯᠬᠤ ᠪᠠ ᠨᠠᠷᠢᠨ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠪᠰᠢᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠠ︔ ᠬᠢᠨᠠᠨ ᠬᠡᠮᠵᠢᠬᠦ᠂ ᠢᠯᠡᠴᠢᠯᠡᠨ ᠮᠡᠳᠡᠭᠦᠯᠬᠦ᠂ ᠬᠠᠷᠭᠤᠭᠤᠯᠤᠨ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ᠂ ᠵᠠᠷᠯᠠᠨ ᠮᠡᠳᠡᠭᠳᠡᠬᠦ ᠵᠡᠷᠭᠡ ᠲᠣᠭᠲᠠᠴᠠ ᠶᠢ ᠴᠢᠨᠠᠬᠰᠢᠳᠠ ᠲᠡᠭᠦᠯᠳᠡᠷᠵᠢᠭᠦᠯᠵᠦ᠂ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠬᠢᠨᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ᠂ ᠪᠠᠭᠰᠢ ᠶᠢᠨ ᠲᠤᠰᠬᠠᠭᠰᠠᠨ ᠳᠠᠷᠤᠭᠠᠰᠤ ᠬᠦᠨᠳᠦ ᠭᠠᠵᠠᠷ ᠣᠷᠣᠨ ᠳᠤ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠡᠷᠴᠢᠮ ᠢ ᠴᠢᠩᠭᠠᠷᠠᠭᠤᠯᠤᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠠᠴᠠ ᠠᠰᠠᠭᠤᠳᠠᠯ ᠢ ᠬᠠᠷᠢᠭᠤ ᠲᠤᠰᠬᠠᠬᠤ ᠠᠷᠭ᠎ᠠ ᠵᠠᠮ ᠢ ᠪᠦᠷᠢᠨᠰᠢᠭᠦᠯᠦᠨ ᠰᠢᠯᠤᠭᠤᠳᠬᠠᠵᠤ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠳᠤ ᠬᠢᠨᠠᠯᠲᠠ ᠲᠠᠯᠪᠢᠬᠤ ᠬᠠᠯᠠᠮᠰᠢᠯ ᠤᠲᠠᠰᠤ ᠪᠤᠶᠤ ᠲᠠᠪᠴᠠᠩ ᠢ ᠱᠠᠲᠤ ᠬᠤᠪᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠳᠠ ᠶᠢᠨ ᠪᠤᠰᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠪᠠᠭᠰᠢ ᠨᠠᠷ ᠢ ᠨᠢᠬᠡ ᠯᠡ ᠰᠡᠳᠬᠢᠯ ᠢᠶᠠᠷ ᠪᠢᠴᠢᠭ ᠵᠢᠭᠠᠵᠤ ᠲᠣᠭᠲᠠᠭᠤᠨ ᠰᠡᠳᠬᠢᠯ ᠢᠶᠠᠷ ᠬᠥᠮᠥᠨ ᠢ ᠬᠦᠮᠦᠵᠢᠬᠦᠯᠦᠨ᠎ᠡ᠃    ︵ᠨᠠᠪᠴᠢ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号