ᠬᠤᠯᠪᠣᠭ᠎ᠠ ᠪᠠᠯᠭᠠᠰᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠵᠤ ᠪᠤᠢ
ᠨᠡᠶᠢᠲᠡᠯᠡᠭᠰᠡᠨ ᠴᠠᠭ᠄
2024/5/27
     ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ︽ᠬᠥᠮᠦᠰ ᠤᠨ ᠣᠷᠣᠰᠢᠨ ᠰᠠᠭᠤᠷᠢᠰᠢᠬᠤ ᠣᠷᠴᠢᠨ  ᠨᠦᠭᠦᠴᠡᠯ ᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ︾ ᠪᠠᠷ ᠬᠠᠷᠠᠯᠲᠠ ᠪᠣᠯᠭᠠᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠵᠤ ᠪᠠᠶᠢᠨ᠎ᠠ᠃     ᠦᠷᠯᠦᠭᠡ ᠡᠷᠳᠡ᠂ ᠬᠤᠯᠪᠣᠭ᠎ᠠ ᠪᠠᠯᠭᠠᠰᠤᠨ ᠤ ᠬᠥ᠋ ᠮᠢᠶᠣᠣ ᠲᠣᠰᠬᠤᠨ ᠤ ᠴᠡᠪᠡᠷᠯᠡᠭᠴᠢ ᠪᠤᠯᠤᠨ ᠰᠠᠶᠢᠨ  ᠲᠤᠷᠠᠴᠣᠣᠯ ᠤᠳ ᠲᠡᠮᠦᠷ ᠬᠦᠷᠵᠡ᠂ ᠱᠦᠭᠦᠷ ᠵᠡᠷᠭᠡ ᠶᠢ ᠪᠠᠷᠢᠵᠤ᠂ ᠶᠠᠭ ᠰᠠᠶ᠋ᠢᠬᠠᠨ ᠲᠣᠰᠬᠤᠨ ᠤ ᠭᠤᠣᠯ ᠵᠠᠮ ᠢ ᠥᠨᠴᠥᠭ ᠪᠤᠯᠤᠩ ᠦᠭᠡᠢ ᠴᠡᠪᠡᠷᠯᠡᠵᠤ ᠪᠠᠶᠢᠯ᠎ᠠ᠃     ︽ ᠪᠢ ᠴᠢᠯᠥᠭᠡ ᠵᠠᠪ ᠢᠶᠠᠷ ᠢᠶᠠᠨ ᠡᠨᠡ ᠬᠦ ᠠᠵᠢᠯᠯᠠᠭ᠎ᠠ ᠳᠤ ᠤᠷᠤᠯᠴᠠᠭᠠᠳ ᠳᠣᠯᠤᠭ᠎ᠠ ᠨᠠᠢᠮᠠᠨ ᠡᠳᠦᠷ  ᠪᠤᠯᠴᠢᠬᠠᠵᠠᠢ᠃ ᠲᠤᠰᠬᠤᠨ ᠮᠠᠨᠢ ᠠᠷᠢᠭᠤᠨ ᠴᠡᠪᠡᠷ ᠪᠤᠯᠤᠭᠰᠠᠨ ᠳᠤ ᠪᠢᠳᠠᠨᠠᠷ ᠶᠡᠭᠡ ᠪᠠᠶᠠᠰᠴᠤ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠬᠥ᠋ ᠮᠢᠶᠣᠣ ᠲᠣᠰᠬᠤᠨ ᠤ ᠠᠷᠠᠳ ᠯᠢᠶᠠᠩ ᠬᠤᠢ ᠵᠢᠶᠦ᠋ᠨ ᠬᠡᠯᠡᠪᠡ᠃     ᠬᠤᠯᠪᠤᠭ᠎ᠠ ᠪᠠᠯᠭᠠᠰᠤ ᠬᠤᠭ ᠨᠣᠪᠰᠢ ᠶᠢ  ᠴᠡᠪᠡᠷᠯᠡᠬᠦ᠂ ᠵᠣᠷᠯᠣᠩ ᠢ ᠥᠭᠡᠷᠡᠴᠢᠯᠡᠬᠦ᠂ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠵᠤ᠂ ᠲᠣᠰᠬᠤᠨ ᠤ ᠠᠷᠠᠳ ᠤᠨ ᠡᠷᠡᠭᠦᠯ ᠬᠠᠮᠠᠭᠠᠯᠠᠯ᠂ ᠪᠣᠯᠪᠠᠰᠤᠨ ᠢ ᠡᠷᠬᠢᠮᠯᠡᠬᠦ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠲᠠᠶᠢᠴᠢᠯᠠᠨ ᠵᠢᠯᠣᠭᠤᠳᠪᠠ᠃ ᠪᠠᠰᠠ ᠸᠢᠴᠠᠲ ᠲᠠᠪᠴᠠᠩ᠂ ︽ᠲᠤᠰᠬᠤᠨ ᠪᠤᠯᠭᠠᠨ ᠳᠤ ᠨᠡᠪᠲᠡᠷᠡᠬᠦ  ︾ ᠯᠠᠪᠠᠷ ᠢ ᠠᠰᠢᠭᠯᠠᠨ ᠲᠣᠰᠬᠤᠨ ᠤ ᠠᠷᠠᠳ ᠢ ᠲᠠᠶᠢᠴᠢᠯᠠᠨ ᠵᠢᠯᠣᠭᠤᠳᠴᠤ ᠪᠠᠶᠢᠭᠠᠳ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠳᠤ ᠢᠳᠡᠪᠬᠢᠲᠡᠶ ᠣᠷᠣᠯᠴᠠᠭᠤᠯᠵᠤ ᠪᠤᠢ᠃ ᠤᠳᠤ᠂ ᠬᠤᠯᠪᠣᠭ᠎ᠠ ᠪᠠᠯᠭᠠᠰᠤᠨ ᠤ 18 ᠲᠣᠰᠬᠤᠨ 2 ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ᠂ ᠰᠠᠶᠢᠨ ᠲᠤᠷᠠᠴᠣᠣᠯ   ᠤᠳ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠵᠤ ᠪᠤᠢ᠃                      ᠵᠣᠣ ᠽᠢ ᠯᠥᠩ   ᠯᠢ ᠰᠢᠤᠸᠠᠢ   ᠵᠠᠩ ᠰᠢᠤᠸᠠᠢ ᠴᠢᠩ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号