ᠤᠷᠤᠨ ᠤ ᠲᠡᠰ ᠤᠨ ᠢᠷᠠᠭᠤ ᠠᠯᠳᠡᠷ ᠢ ᠬᠦᠷᠳᠡᠭᠰᠡᠨ ᠴᠠᠩ ᠹᠠ ᠲᠤᠰᠬᠤᠨ
ᠨᠡᠶᠢᠲᠡᠯᠡᠭᠰᠡᠨ ᠴᠠᠭ᠄
2024/5/27
    ᠤᠶᠢᠷ᠎ᠠ ᠳᠤ᠂ ᠰᠤᠷᠪᠤᠯᠵᠢᠯᠠᠬᠴᠢ ᠵᠠᠯᠠᠶᠢᠳ ᠬᠤᠰᠢᠭᠤᠨ ᠤ ᠢᠨᠳᠡᠷ ᠪᠠᠯᠭᠠᠰᠥᠨ ᠤ ᠴᠠᠩ ᠹᠠ ᠲᠤᠰᠬᠤᠨ ᠳᠤ ᠪᠠᠶᠢᠷᠢᠯᠠᠭ᠎ᠠ ᠵᠠᠯᠠᠶᠢᠳ ᠬᠤᠰᠢᠭᠤᠨ ᠤ ᠢᠡᠭᠳᠤᠤᠷ ᠳᠠᠷᠢᠬᠤ ᠤᠳᠥ ᠦᠶ᠎ᠡ ᠶᠢᠨ ᠳᠠᠷᠢᠶᠠᠯᠠᠩ ᠤᠨ ᠠᠵᠤ ᠥᠢᠯᠡᠰ ᠤᠨ ᠬᠦᠷᠢᠶᠡᠯᠡᠩ ᠤᠨ ᠳᠤᠯᠠᠭᠠᠨ ᠬᠦᠯᠡᠮᠵᠢ ᠳᠤ ᠬᠦᠷᠬᠦ ᠳᠤ᠂ ᠢᠡᠭᠳᠤᠤᠷ ᠤᠨ ᠠᠩᠬᠢᠯᠥᠮ᠎ᠡ ᠰᠠᠶᠢᠬᠠᠨ ᠦᠨᠥᠷ ᠬᠠᠨᠭ᠍ᠬᠤᠯᠵᠤ ᠂ ᠬᠡᠳᠥᠨ ᠠᠵᠢᠯᠳᠠᠡ ᠢᠡᠭᠳᠤᠤᠷ ᠤᠨ ᠮᠤᠳᠥ ᠪᠠᠨ ᠤᠰᠥᠯᠠᠬᠤ᠂ ᠠᠷᠠᠴᠢᠯᠠᠬᠤ ᠬᠡᠬᠦ ᠮᠡᠳᠥ ᠪᠠᠷ ᠶᠠᠭᠠᠷᠠᠯᠳᠠᠢ ᠠᠵᠢᠯᠯᠠᠵᠤ ᠪᠠᠶᠢᠯ᠎ᠠ᠃     ᠤᠶᠢᠷ᠎ᠠ ᠶᠢᠨ ᠵᠢᠯ ᠳᠤ᠂ ᠴᠠᠩ ᠹᠠ ᠲᠤᠰᠬᠤᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠡᠯᠪᠡᠷᠢ ᠪᠠᠷ 132 ᠳᠤᠯᠠᠭᠠᠨ ᠬᠦᠯᠡᠮᠵᠢ ᠶᠢ ᠪᠠᠶᠢᠭᠤᠯᠵᠤ᠂ ᠵᠠᠯᠠᠶᠢᠳ ᠬᠤᠰᠢᠭᠤᠨ ᠤ ᠢᠡᠭᠳᠤᠤᠷ ᠳᠠᠷᠢᠬᠤ ᠤᠳᠥ ᠦᠶ᠎ᠡ ᠶᠢᠨ ᠳᠠᠷᠢᠶᠠᠯᠠᠩ ᠤᠨ ᠠᠵᠤ ᠥᠢᠯᠡᠰ ᠤᠨ ᠬᠦᠷᠢᠶᠡᠯᠡᠩ ᠤᠨ ᠲᠦᠷᠥᠯ ᠵᠥᠢᠯ ᠢ ᠬᠡᠷᠡᠭᠵᠢᠬᠦᠯᠥᠨ᠂ ᠳᠤᠯᠠᠭᠠᠨ ᠬᠦᠯᠡᠮᠵᠢ ᠳᠤ ᠢᠡᠭᠳᠤᠤᠷ ᠳᠠᠷᠢᠬᠤ ᠠᠵᠤ ᠥᠢᠯᠡᠰ ᠢ ᠬᠦᠭᠵᠢᠬᠦᠯᠥᠨ᠂ ᠲᠤᠰᠬᠤᠨ ᠤ ᠠᠷᠠᠳ ᠲᠤ ᠤᠷᠤᠯᠭ᠎ᠠ ᠪᠠᠨ ᠨᠡᠮᠡᠭᠳᠡᠬᠦᠯᠬᠦ ᠰᠢᠨ᠎ᠡ ᠵᠠᠮ ᠢ ᠨᠡᠭᠡᠭᠡᠵᠤ ᠦᠭᠬᠦᠭᠰᠡᠨ ᠢᠶᠠᠷ ᠪᠠᠷᠠᠬᠤ ᠦᠬᠡᠢ᠂ 150 ᠭᠠᠷᠤᠢ ᠠᠵᠢᠯ ᠤᠨ ᠪᠠᠶᠢᠷᠢ ᠳᠤᠬᠢᠷᠠᠭᠤᠯᠥᠨ᠂ ᠦᠯᠡᠬᠦᠥ ᠬᠦᠳᠡᠯᠮᠥᠷᠢ ᠬᠦᠴᠥ ᠳᠤ ᠠᠵᠢᠯ ᠤᠯᠭᠤᠭᠰᠠᠨ ᠪᠠᠶᠢᠨ᠎ᠠ᠃     ᠡᠬᠦᠨ ᠠᠴᠠ ᠭᠠᠳᠠᠨ᠎ᠠ᠂ ᠴᠠᠩ ᠹᠠ ᠲᠤᠰᠬᠤᠨ ︽ᠨᠠᠮ ᠤᠨ ᠡᠬᠦᠷ + ᠠᠵᠤ ᠠᠬᠤᠶᠢᠯᠠᠯ + ᠳᠠᠷᠢᠶᠠᠴᠢᠨ ᠡᠷᠥᠭᠡ︾ ᠶᠢᠨ ᠬᠦᠭᠵᠢᠯᠳᠡ ᠶᠢᠨ ᠵᠠᠭᠪᠤᠷ ᠢ ᠬᠡᠷᠡᠭᠵᠢᠬᠦᠯᠥᠨ᠂ ︽ᠤᠯᠠᠨ ᠲᠦᠮᠡᠨ ᠳᠤ ᠳᠠᠭᠤᠷᠢᠶᠠᠯ ᠦᠵᠡᠬᠦᠯᠥᠨ᠂ ᠤᠯᠠᠨ ᠲᠦᠮᠡᠨ ᠢ ᠬᠦᠳᠥᠯᠥᠨ ᠳᠠᠭᠠᠭᠤᠯᠬᠤ᠂ ᠤᠯᠠᠨ ᠲᠦᠮᠡᠨ ᠢ ᠳᠠᠶᠢᠴᠢᠯᠠᠨ ᠪᠠᠶᠠᠵᠢᠭᠤᠯᠬᠤ︾ ᠰᠡᠳᠬᠢᠴᠡ ᠪᠠᠷ᠂ 67 ᠳᠠᠷᠢᠶᠠᠴᠢᠨ ᠡᠷᠥᠭᠡ ᠶᠢ ᠳᠠᠶᠢᠴᠢᠯᠠᠵᠤ ᠬᠦᠷᠢᠶ᠎ᠡ ᠬᠠᠰᠢᠶᠠᠨ ᠤ ᠠᠵᠤ ᠥᠢᠯᠡᠰ ᠢ ᠬᠦᠭᠵᠢᠬᠦᠯᠪᠠ᠃ ᠴᠠᠩ ᠹᠠ ᠲᠤᠰᠬᠤᠨ ᠤ ᠨᠠᠮ ᠤᠨ ᠡᠬᠦᠷ ᠬᠠᠮᠳᠥ ᠨᠡᠶᠢᠳᠡ ᠶᠢᠨ ᠠᠵᠤ ᠠᠬᠤᠢ ᠪᠠᠷ ᠲᠤᠯᠭᠠᠭᠤᠷᠢᠯᠠᠯ ᠪᠤᠯᠭᠠᠵᠤ᠂ ᠲᠤᠰᠬᠤᠨ ᠤ ᠨᠠᠮ ᠤᠨ ᠡᠬᠦᠷ ᠠᠵᠤ ᠠᠬᠤᠶᠢᠯᠠᠯ ᠲᠠᠢ ᠬᠠᠷᠢᠯᠴᠠᠬᠤ᠂ ᠳᠠᠷᠢᠮᠠᠯ ᠤᠨ ᠲᠦᠷᠥᠯ ᠵᠥᠢᠯ ᠢ ᠨᠢᠭᠡᠳᠥᠯᠳᠡᠢ ᠤᠷᠤᠭᠤᠯᠬᠤ᠂ ᠨᠢᠭᠡᠳᠥᠯᠳᠡᠢ ᠮᠡᠷᠭᠡᠵᠢᠯ ᠤᠨ ᠵᠢᠯᠤᠭᠤᠳᠤᠯᠭ᠎ᠠ ᠬᠢᠬᠦ᠂ ᠨᠢᠭᠡᠳᠥᠯᠳᠡᠢ ᠪᠤᠷᠤᠯᠠᠭᠤᠯᠬᠤ ᠵᠡᠷᠭᠡ ᠬᠡᠯᠪᠡᠷᠢ ᠪᠠᠷ ᠳᠠᠮᠵᠢᠨ᠂ ᠲᠤᠰᠬᠤᠨ ᠤ ᠠᠷᠠᠳ ᠲᠤ ᠠᠰᠢᠭ ᠬᠦᠷᠳᠡᠭᠡᠵᠤ᠂ ᠤᠯᠠᠨ ᠲᠦᠮᠡᠨ ᠤ ᠪᠠᠶᠠᠵᠢᠯ ᠤᠨ ᠵᠠᠮ ᠢ ᠰᠠᠷᠠᠭᠤᠯᠵᠢᠭᠤᠯᠵᠤ ᠪᠤᠢ᠃ ᠤᠳᠤ ᠪᠤᠯᠳᠠᠯ᠎ᠠ᠂ ᠴᠠᠩ ᠹᠠ ᠲᠤᠰᠬᠤᠨ ᠨᠢᠭᠡᠨᠳᠡ ᠤᠶᠢᠷ᠎ᠠ ᠬᠠᠪᠢ ᠶᠢᠨ 20 ᠰᠢᠬᠠᠮ ᠡᠷᠥᠭᠡ ᠶᠢ ᠳᠠᠶᠢᠴᠢᠯᠠᠨ 2000 ᠭᠠᠷᠤᠢ ᠮᠤ᠋ ᠤᠯᠠᠭᠠᠨ ᠯᠠᠵᠤᠤ ᠳᠠᠷᠢᠭᠤᠯᠵᠤ᠂ ᠮᠤ᠋ ᠪᠦᠷᠢ ᠶᠢᠨ ᠤᠷᠤᠯᠭ᠎ᠠ ᠶᠢ ᠳᠤᠮᠳᠠᠴᠢ ᠪᠠᠷ 1000 ᠲᠦᠬᠦᠷᠢᠭ ᠠᠴᠠ ᠳᠡᠭᠡᠭᠰᠢ ᠨᠡᠮᠡᠭᠳᠡᠬᠦᠯᠵᠠᠢ᠃     ︽ᠡ᠊ᠨᠡ ᠵᠢᠯ ᠪᠢ 5 ᠮᠤ᠋ ᠤᠯᠠᠭᠠᠨ ᠯᠠᠵᠤᠤ ᠳᠠᠷᠢᠪᠠ᠂ ᠮᠤ᠋ ᠪᠦᠷᠢ ᠠᠴᠠ 3000 ᠲᠦᠬᠦᠷᠢᠭ ᠤᠨ ᠤᠷᠤᠯᠭ᠎ᠠ ᠤᠯᠬᠤ ᠪᠠᠷ ᠪᠤᠳᠤᠪᠠᠯ ᠨᠢᠭᠡ ᠡᠭᠡᠯᠵᠢ ᠶᠢᠨ ᠳᠠᠷᠢᠮᠠᠯ ᠠᠴᠠ 15000 ᠲᠦᠬᠦᠷᠢᠭ ᠤᠯᠵᠤ ᠳᠡᠶᠢᠯᠥᠨ᠎ᠡ᠃ ᠮᠠᠨ ᠤ ᠳᠠᠷᠢᠭᠰᠠᠨ ᠤᠯᠠᠭᠠᠨ ᠯᠠᠵᠤᠤ ᠶᠢ ᠲᠤᠰᠬᠤᠨ ᠤ ᠨᠠᠮ ᠤᠨ ᠡᠬᠦᠷ ᠠᠴᠠ ᠨᠢᠭᠡᠳᠥᠯᠳᠡᠢ ᠬᠤᠷᠢᠶᠠᠵᠤ ᠬᠠᠪᠰᠥᠷᠥᠨ ᠬᠤᠳᠠᠯᠳᠤᠵᠤ ᠦᠭᠳᠡᠭ︾ ᠭᠡᠵᠤ ᠰᠠᠭᠤᠭᠠᠯᠢ ᠠᠷᠠᠳ ᠴᠢᠨ ᠴᠢ ᠯᠢᠨ ᠬᠡᠯᠡᠪᠡ᠃ᠲᠤᠰᠬᠤᠨ ᠤ ᠨᠠᠮ ᠤᠨ ᠡᠬᠦᠷ ᠪᠠ ᠲᠤᠰᠬᠤᠨ ᠤ ᠠᠷᠠᠳ ᠤᠨ ᠬᠠᠮᠳᠥ ᠶᠢᠨ ᠴᠢᠷᠮᠠᠶᠢᠯᠭ᠎ᠠ ᠪᠠᠷ᠂ ᠴᠠᠩ ᠹᠠ ᠲᠤᠰᠬᠤᠨ ᠤᠷᠢᠳ ᠬᠤᠵᠢᠳ ︽ᠪᠦᠬᠦ ᠤᠷᠤᠨ ᠤ ᠦᠨᠳᠥᠰᠥᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠲᠤᠰᠬᠤᠨ︾᠂ ︽ᠪᠦᠬᠦ ᠤᠷᠤᠨ ᠤ ᠨᠠᠮ ᠤᠨ ᠪᠠᠶᠢᠭᠤᠯᠤᠯᠳᠠ ᠪᠠᠷ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠠᠬᠢᠭᠤᠯᠤᠭᠰᠠᠨ ᠳᠡᠷᠢᠬᠦᠨ ᠤ ᠬᠠᠮᠳᠥ ᠨᠡᠶᠢᠳᠡ︾᠂ ︽ᠪᠦᠬᠦ ᠤᠷᠤᠨ ᠤ ᠭᠠᠴᠠᠭ᠎ᠠ ᠲᠤᠰᠬᠤᠨ ᠤ ᠬᠠᠮᠳᠥ ᠶᠢᠨ ᠠᠵᠤ ᠠᠬᠤᠢ ᠶᠢᠨ ᠨᠡᠶᠢᠳᠡᠯᠢᠭ ᠳᠠᠭᠤᠷᠢᠶᠠᠯ ᠲᠤᠰᠬᠤᠨ︾ ᠵᠡᠷᠭᠡ ᠤᠯᠠᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃                                        ᠤᠷᠠᠨᠳᠤᠳᠢ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号