ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/27
    ᠣᠶᠢᠷ᠎ᠠ ᠳᠤ᠂ ᠵᠠᠯᠠᠶᠢᠳ ᠬᠤᠰᠢᠭᠤᠨ ᠤ ᠬᠦᠷᠡᠯ ᠪᠠᠯᠭᠠᠰᠤ   ᠶᠢᠨ ᠬᠢᠨ ᠴᠤᠭᠯᠠᠭ᠎ᠠ ᠮᠠᠶᠢᠮᠠᠶ ᠶᠢᠨ ᠡᠳᠦᠷ   ᠲᠤ ᠲᠤᠬᠢᠶᠠᠯᠳᠤᠭᠤᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠬᠦᠷᠡᠯ ᠪᠠᠯᠭᠠᠰᠤᠨ ᠤ ᠠᠬᠢᠭᠤᠯᠬᠤ ᠨᠡᠶᠢᠭᠡᠮᠯᠢᠭ ᠤᠨ ᠭᠡᠰᠢᠭᠦᠳ᠂ ᠣᠨᠣᠯ ᠤᠨ ᠬᠥᠩᠭᠡᠨ ᠮᠣᠷᠢᠲᠤ ᠴᠡᠷᠢᠭ ᠵᠢᠴᠢ ︽ᠠᠨᠠᠷ ᠤᠨ ᠦᠷ᠎ᠡ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ  ᠠᠵᠢᠯᠯᠠᠭ᠎ᠠ   ᠶᠢᠨ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠳᠦ ᠲᠦᠭᠦᠮ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠤ᠂ ᠣᠯᠠᠨ ᠲᠦᠮᠡᠨ ᠢ ᠲᠠᠶᠢᠴᠢᠯᠠᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠤᠬᠡ ᠶᠢᠨ ᠦᠵᠡᠯᠲᠡ ᠪᠠ ᠦᠨᠳᠦᠰᠦᠲᠡᠨ ᠤ ᠦᠵᠡᠯᠲᠡ ᠶᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ᠂ ᠬᠠᠮᠲᠤ ᠪᠠᠷ ᠬᠥᠭᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ᠃
                        ᠯᠢᠤᠢ ᠪᠢᠩ ᠵᠢᠤᠸᠠᠨ    ᠯᠢᠦ ᠠᠨ ᠠᠨ ᠰᠡᠭᠦᠲᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号