ᠰᠤᠷᠭᠠᠨ ᠬᠥᠮᠦᠵᠢᠯ ᠤᠨ ᠶᠠᠮᠤᠨ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ︽ᠵᠠᠭᠤᠨ ᠡᠳᠦᠷ ᠤᠨ ᠰᠢᠪᠲᠤᠯᠤᠯᠲᠠ︾  ᠶᠢᠨ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2024/5/27
     ᠰᠤᠷᠪᠤᠯᠵᠢᠯᠠᠭᠴᠢ 5 ᠰᠠᠷ᠎ᠠ ᠶᠢᠨ 20 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ ᠂ ᠠᠵᠢᠯ ᠣᠯᠭᠤᠯᠲᠠ ᠶᠢᠨ ᠠᠵᠢᠯ ᠤᠨ ᠰᠢᠪᠲᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠳᠤ 5 ᠰᠠᠷ᠎ᠠ ᠠᠴᠠ 8 ᠰᠠᠷ᠎ᠠ ᠪᠣᠯᠲᠠᠯ᠎ᠠ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭ᠎ᠠ ᠥᠷᠨᠢᠭᠦᠯᠬᠦ ᠶᠢ ᠪᠠᠶᠢᠷᠢᠯᠠᠭᠤᠯᠪᠠ᠃      ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭ᠎ᠠ ᠨᠢ ︽ᠠᠷᠭ᠎ᠠ ᠪᠦᠬᠦᠨ ᠢ ᠰᠦᠪᠡᠭᠴᠢᠯᠡᠨ ᠠᠵᠢᠯ ᠤᠨ ᠪᠠᠶᠢᠷᠢ ᠶᠢ ᠥᠷᠭᠡᠳᠭᠡᠵᠦ᠂ ᠬᠤᠷᠳᠤᠴᠠ ᠶᠢ ᠲᠦᠷᠭᠡᠳᠭᠡᠨ ᠦᠷ᠎ᠡ ᠠᠰᠢᠭ ᠢ ᠨᠡᠮᠡᠭᠳᠡᠭᠦᠯᠵᠦ ᠠᠵᠢᠯ ᠣᠯᠭᠤᠯᠲᠠ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠪᠠ᠃ ᠡᠨᠡ ᠬᠤᠭᠤᠴᠠᠭᠠᠨ ᠳᠤ ︽ᠠᠵᠢᠯ ᠣᠯᠭᠤᠯᠲᠠ ᠶᠢ ᠠᠬᠢᠭᠤᠯᠬᠤ ᠭᠠᠷᠠᠭ︾   ᠤᠨ ᠬᠦᠴᠦᠨ ᠢᠶᠠᠨ ᠨᠢᠭᠲᠠᠷᠠᠭᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠭᠠᠵᠠᠷ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠶᠡᠭᠡ ᠬᠡᠪᠴᠢᠶᠡᠨ ᠤ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠭᠡᠬᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠬᠤ ᠪᠠᠷ ᠳᠡᠮᠵᠢᠨ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠠᠬᠢᠴᠠ ᠶᠢ ᠲᠦᠷᠭᠡᠳᠭᠡᠨ ᠠᠬᠢᠭᠤᠯᠬᠤ ᠪᠣᠯᠤᠨ᠎ᠠ᠃    ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠡᠯ᠎ᠡ ᠶᠡᠭᠡ ᠳᠡᠭᠡᠳᠦ ᠰᠤᠷᠭᠠᠭᠤᠯᠢ ︽ᠶᠡᠭᠡ ᠳᠡᠭᠡᠳᠦ ᠰᠤᠷᠭᠠᠭᠤᠯᠢ ᠶᠢᠨ ᠱᠦᠵᠢ ᠰᠤᠷᠭᠠᠭᠤᠯᠢ ᠶᠢᠨ ᠵᠠᠬᠢᠷᠤᠯ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠭᠡᠨ ᠠᠵᠢᠯ ᠣᠯᠭᠤᠯᠲᠠ ᠶᠢ ᠠᠬᠢᠭᠤᠯᠬᠤ ᠲᠤᠰᠬᠠᠶ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠵᠠᠬ᠎ᠠ ᠳᠡᠯᠭᠡᠭᠦᠷ ᠤᠨ ᠴᠢᠨᠠᠷᠲᠠᠶ ᠠᠵᠢᠯ ᠣᠯᠭᠤᠬᠤ ᠠᠵᠢᠯ ᠤᠨ ᠪᠠᠶᠢᠷᠢ ᠶᠢ ᠬᠠᠨᠳᠤᠯᠭᠠᠲᠤ ᠴᠢᠨᠠᠷᠲᠠᠶ ᠪᠠᠷ ᠥᠷᠭᠡᠳᠭᠡᠨ᠎ᠡ︔ ᠤᠯᠤᠰ ᠤᠨ ᠤᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ︽24365 ᠰᠤᠷᠭᠠᠭᠤᠯᠢ ᠶᠢᠨ ᠬᠦᠷᠢᠶᠡᠨ ᠤ ᠠᠵᠢᠯᠳᠠᠨ ᠡᠯᠰᠡᠬᠦ ᠦᠢᠯᠡᠴᠢᠯᠡᠭᠡ︾ ᠶᠢᠨ ᠰᠢᠷᠢᠰ ᠲᠤᠰᠬᠠᠶ ᠲᠠᠯᠠᠪᠤᠷ ᠤᠨ ᠠᠵᠢᠯᠳᠠᠨ ᠡᠯᠰᠡᠬᠦ ᠠᠵᠢᠯ ᠢ ᠲᠥᠪᠯᠡᠷᠡᠭᠦᠯᠦᠨ ᠥᠷᠨᠢᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠪᠠ ᠨᠠᠷᠢᠯᠢᠭ ᠣᠨᠣᠴᠠᠲᠠᠶ ᠪᠠᠷ ᠬᠦᠷᠭᠡᠵᠦ ᠥᠭᠬᠦ ᠶᠢ ᠦᠷᠭᠦᠯᠵᠢᠯᠡᠨ ᠴᠢᠩᠭᠠᠳᠬᠠᠵᠤ᠂ ︽ᠪᠥᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠵᠠᠭᠤᠨ ᠡᠳᠦᠷ ᠰᠦᠯᠵᠢᠶ᠎ᠡ ᠪᠠᠷ ᠡᠯᠰᠡᠬᠦ︾ ︽ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠠᠵᠢᠯᠳᠠᠨ ᠡᠯᠰᠡᠬᠦ ᠰᠠᠷ᠎ᠠ︾ ᠵᠡᠷᠭᠡ ᠠᠵᠢᠯᠳᠠᠨ ᠡᠯᠰᠡᠬᠦ ᠠᠵᠢᠯᠯᠠᠭ᠎ᠠ ᠶᠢ ᠡᠷᠭᠢᠯᠡᠨ᠎ᠡ᠃      ᠰᠤᠷᠭᠠᠨ ᠬᠥᠮᠦᠵᠢᠯ ᠤᠨ ᠶᠠᠮᠤᠨ ᠤ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ᠡᠯ᠎ᠡ ᠭᠠᠵᠠᠷ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠡᠷ ᠪᠦᠯᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ᠂ ᠠᠵᠢᠯ ᠲᠠᠢ ᠬᠥᠮᠦᠨ ᠥᠬᠡᠶ ᠬᠡᠷ ᠪᠦᠯᠢ᠂ ᠵᠡᠮᠳᠡᠭ ᠵᠡᠷᠭᠡ ᠠᠵᠢᠯ ᠤᠯᠬᠤ ᠳᠤ ᠬᠦᠴᠢᠷᠲᠡᠶ ᠲᠡᠭᠦᠰᠦᠭᠰᠡᠳ ᠲᠤ ︽ᠨᠢᠭᠡ ᠬᠥᠮᠦᠨ ᠳᠤ ᠨᠢᠭᠡ ᠲᠠᠩᠰᠠ ᠪᠠᠶᠢᠭᠤᠯᠬᠤ︾ ︽ᠨᠢᠭᠡ ᠬᠥᠮᠦᠨ ᠳᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ︾ ᠶᠣᠰᠣᠭᠠᠷ ᠬᠠᠪᠰᠤᠷᠤᠨ ᠲᠡᠳᠬᠦᠬᠦ ᠠᠵᠢᠯ ᠤᠨ ᠡᠬᠡ ᠲᠠᠩᠰᠠ ᠪᠠᠶᠢᠭᠤᠯᠵᠤ᠂ ᠣᠨᠣᠴᠠᠳᠠᠢ ᠪᠦᠲᠦᠮᠵᠢᠲᠡᠶ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯ ᠡᠷᠢᠬᠦ ᠠᠬᠢᠴᠠ ᠶᠢ ᠬᠥᠳᠡᠯᠦᠩᠭᠦᠶ ᠪᠠᠷ ᠮᠥᠷᠳᠡᠨ ᠳᠠᠭᠠᠬᠤ ᠬᠡᠷᠡᠭᠲᠡᠶ᠃ ( ᠸᠠᠩ  ᠫᠧᠩ  )
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号