ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠵᠡᠯ ᠰᠠᠨᠠᠭ᠎ᠠ ᠪᠠᠷ ᠬᠦᠲᠦᠯᠦᠨ ᠵᠢᠯᠤᠭᠤᠳᠴᠤ ᠤᠷᠤᠭᠰᠢᠯᠠᠨ ᠳᠠᠪᠰᠢᠬᠤ ᠬᠦᠴᠦᠨ ᠢ ᠨᠢᠭᠳᠠᠷᠠᠭᠤᠯᠪᠠ
ᠨᠡᠶᠢᠲᠡᠯᠡᠭᠰᠡᠨ ᠴᠠᠭ᠄
2024/5/30
     ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠡᠭᠡ ᠵᠤᠬᠢᠶᠠᠯ ᠢ ᠰᠤᠳᠤᠯᠤᠨ ᠤᠩᠰᠢᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠰᠢᠨᠵᠢᠯᠡᠨ ᠪᠠᠶᠢᠴᠠᠭᠠᠯᠳᠠ ᠬᠢᠬᠦ᠂ ᠨᠠᠮ ᠤᠨ ᠰᠢᠨ᠎ᠡ ᠶᠢ ᠡᠬᠦᠳᠬᠦ ᠣᠨᠣᠯ ᠢ ᠬᠤᠪᠢᠷᠠᠭᠤᠯᠤᠨ ᠦᠢᠯᠡᠳᠦᠯᠭᠡᠵᠢᠬᠦᠯᠬᠦ ᠵᠡᠷᠭᠡ ᠰᠤᠷᠤᠯᠴᠠᠯᠭ᠎ᠠ ᠶᠢᠨ ᠠᠵᠢᠯᠯᠠᠭ᠎ᠠ ᠶᠢ ᠶᠠᠪᠤᠭᠳᠠᠭᠤᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠠᠵᠤ ᠠᠬᠤᠶᠢᠯᠠᠯ ᠳᠤ ᠤᠷᠤᠭᠤᠯᠬᠤ᠂ ᠪᠠᠶᠢᠭᠤᠯᠭ᠎ᠠ ᠳᠤ ᠤᠷᠤᠭᠤᠯᠬᠤ᠂ ᠨᠡᠶᠢᠭᠡᠮ ᠲᠤᠭᠤᠷᠢᠭ ᠲᠤ ᠤᠷᠤᠭᠤᠯᠬᠤ ᠶᠢ ᠲᠦᠯᠬᠢᠨ ᠠᠬᠢᠭᠤᠯᠵᠦ᠂ ᠦᠷᠭᠡᠨ ᠤᠯᠠᠨ ᠠᠵᠢᠯᠳᠠᠨ ᠪᠠ ᠠᠵᠢᠯᠴᠢᠨ ᠤ ᠡᠪᠯᠡᠯ ᠤᠨ ᠺᠠᠳ᠋ᠷ ᠠᠵᠢᠯᠳᠠᠨ ᠢ ᠬᠥᠲᠥᠯᠦᠨ ᠵᠢᠯᠣᠭᠤᠳᠴᠤ ᠪᠠᠶᠢᠭᠠᠳ ︽ᠬᠤᠶᠠᠷ ᠢ  ᠲᠤᠭᠲᠠᠭᠠᠭᠰᠠᠨ︾ ᠠᠴᠢ ᠬᠤᠯᠪᠤᠭᠳᠠᠯ ᠢ ᠬᠦᠨᠵᠡᠭᠡᠢ ᠤᠶᠢᠯᠠᠭᠠᠭᠤᠯᠵᠠᠢ︔ ᠠᠵᠢᠯᠴᠢᠨ ᠤᠯᠠᠨ ᠲᠦᠮᠡᠨ ᠢ ᠦᠵᠡᠯ ᠰᠠᠨᠠᠭ᠎ᠠ ᠤᠯᠤᠰ ᠲᠦᠷᠦ ᠪᠠᠷ ᠬᠦᠳᠦᠯᠦᠨ ᠲᠠᠭᠠᠭᠤᠯᠬᠤ ᠪᠠᠶᠢᠭᠤᠯᠤᠯᠳᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ︽ᠠᠵᠢᠯᠴᠢᠨ ᠤ ᠡᠪᠯᠡᠯ ᠲᠦᠷᠪᠡ ᠶᠢ ᠲᠠᠶᠢᠯᠪᠤᠷᠢᠯᠠᠬᠤ︾᠂ ︽ᠨᠠᠮ ᠤᠨ ᠡᠬᠦᠷ ᠤᠨ ᠱᠦᠵᠢ ᠨᠠᠮ ᠤᠨ ᠠᠴᠢ ᠶᠢ ᠲᠠᠶᠢᠯᠪᠤᠷᠢᠯᠠᠬᠤ︾᠂ ︽ᠲᠤᠬᠠᠶᠢᠯᠠᠭᠰᠠᠨ ᠠᠵᠢᠯ ᠤᠨ ᠺᠠᠳ᠋ᠷ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ︾ ᠵᠡᠷᠭᠡ ᠤᠯᠠᠨ ᠶᠠᠩᠵᠦ ᠶᠢᠨ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠨ᠂ ᠬᠦᠰᠡᠯᠡᠩ ᠢᠳᠡᠭᠡᠯ ᠪᠢᠰᠢᠷᠡᠯ ᠪᠠ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠬᠦᠮᠦᠵᠢᠯ ᠢ ᠥᠷᠭᠡᠨ ᠢᠶᠠᠷ ᠥᠷᠨᠢᠭᠦᠯᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠢᠴᠢ ︽ᠲᠤᠮᠳᠠᠳᠦ ᠶᠢᠨ ᠬᠦᠰᠡᠯ ᠵᠡᠭᠦᠳᠦ · ᠬᠦᠳᠡᠯᠮᠦᠷᠢᠯᠡᠬᠦ ᠨᠢ ᠰᠠᠶᠢᠬᠠᠨ︾ ᠭᠡᠬᠦ ᠭᠤᠤᠯ ᠰᠡᠳᠦᠪᠳᠦ ᠤᠬᠠᠭᠤᠯᠭ᠎ᠠ ᠬᠦᠮᠦᠵᠢᠯ ᠢ ᠢᠳᠡᠪᠬᠢᠳᠡᠢ ᠵᠣᠬᠢᠶᠠᠨ ᠪᠠᠶᠢᠭᠤᠯᠵᠤ᠂ ᠬᠠᠮᠲᠤᠪᠠᠷ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃     ᠡᠭᠦᠨ ᠤ ᠬᠠᠮᠲᠤ᠂ ︽ᠳᠤᠮᠳᠠᠳᠤ ᠶᠢᠨ ᠵᠡᠭᠦᠳᠦ · ᠬᠥᠳᠡᠯᠮᠦᠷᠢᠯᠡᠬᠦ ᠨᠢ ᠰᠠᠶᠢᠬᠠᠨ — ᠰᠡᠳᠭᠢᠯ ᠢ ᠨᠢᠭᠳᠠᠷᠠᠭᠤᠯᠤᠨ ᠰᠦᠭ ᠰᠦᠨᠡᠰᠦ ᠶᠢ ᠱᠤᠭᠤᠵᠤ᠂ ᠰᠢᠨ᠎ᠡ ᠠᠶᠠᠨ ᠳᠤ ᠨᠠᠮ ᠢᠶᠠᠨ ᠳᠠᠭᠠᠵᠤ ᠪᠦᠯᠬᠦᠮᠳᠡᠨ ᠲᠡᠮᠡᠴᠡᠶ᠎ᠡ︾ ᠭᠡᠬᠦ ᠦᠨᠳᠦᠰᠦᠨ ᠱᠠᠲᠤ ᠪᠠᠷ ᠬᠦᠨᠵᠡᠭᠡᠶᠢᠷᠡᠨ ᠲᠣᠬᠤᠨᠢᠭᠤᠯᠬᠤ ᠲᠣᠭᠯᠠᠯᠲᠠ᠂ ︽ᠳᠤᠮᠳᠠᠳᠤ ᠶᠢᠨ ᠬᠦᠰᠡᠯ ᠵᠡᠭᠦᠳᠦ · ᠬᠥᠳᠡᠯᠮᠦᠷᠢᠯᠡᠬᠦ ᠨᠢ ᠰᠠᠶᠢᠬᠠᠨ︾ ᠭᠡᠬᠦ ᠠᠵᠢᠯᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠤᠯᠠᠨ ᠠᠷᠪᠢᠨ ᠠᠵᠢᠯᠯᠠᠭ᠎ᠠ ᠶᠠᠪᠤᠭᠳᠠᠭᠤᠯᠵᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠢᠳᠡᠪᠬᠢᠳᠡᠢ ᠦᠢᠯᠡᠳᠦᠯ ᠦᠵᠡᠬᠦᠯᠪᠡ᠃ ︽ᠬᠥᠳᠡᠯᠮᠦᠷᠢ ᠶᠢᠨ ᠵᠢᠱᠢᠶᠡᠴᠢ ᠠᠴᠠ ᠮᠡᠷᠭᠡᠵᠢᠯ ᠬᠦᠷᠭᠡᠬᠦ︾ ᠲᠦᠷᠦᠯ ᠵᠦᠢᠯ ᠢ ᠥᠷᠨᠢᠭᠦᠯᠬᠦ ᠪᠠᠷ ᠳᠠᠮᠵᠢᠭᠤᠯᠵᠤ᠂ ᠰᠢᠨ ᠯᠢᠨ ᠪᠠᠯᠭᠠᠰᠤ ᠶᠢᠨ ᠾᠧᠨᠠᠨ ᠲᠣᠰᠬᠤᠨ᠂ ᠬᠠᠨ ᠾᠧ ᠨᠡᠶᠢᠭᠡᠮ ᠲᠣᠭᠤᠷᠢᠭ ᠢᠶᠠᠷ ᠬᠦᠨᠵᠡᠭᠡᠶᠢᠷᠡᠨ᠂ ︽ᠬᠦᠳᠡᠯᠮᠦᠷᠢ ᠶᠢᠨ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠯᠳᠠ︾ ᠶᠢᠨ ᠠᠵᠢᠯᠯᠠᠭ᠎ᠠ ᠶᠠᠪᠤᠭᠳᠠᠭᠤᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠠᠵᠢᠯᠳᠠᠨ ᠤ ᠳᠤᠮᠳᠠ ᠲᠦᠭᠡᠮᠡᠯᠵᠢᠬᠦ ᠶᠢ ᠠᠬᠢᠭᠤᠯᠪᠠ᠃                            ᠪᠠᠢ ᠢᠤᠢ ᠯᠢᠶᠠᠩ   ᠦᠷᠡᠴᠡᠴᠡᠭ   ᠵᠠᠩ ᠸᠧᠨ ᠰᠢᠩ  ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号