ᠴᠢᠩ ᠦᠨᠡᠨᠴᠢ ᠪᠠᠷ ᠦᠢᠯᠡᠴᠢᠯᠡᠵᠦ ᠠᠵᠢᠯᠴᠢᠨ ᠤ ᠵᠣᠪᠠᠨᠢᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/5/30
     ︽ᠤᠷᠢᠬᠠᠨ ᠰᠠᠯᠬᠢ ᠠᠵᠢᠯᠯᠠᠭ᠎ᠠ︾ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠲᠤᠰᠬᠠᠶ ᠦᠢᠯᠡᠴᠢᠯᠡᠭᠡᠨ ᠤ ᠠᠵᠢᠯᠯᠠᠭ᠎ᠠ ᠨᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠬᠢᠭᠡᠳ ᠠᠵᠢᠯᠳᠠᠨ ᠤ ᠠᠵᠢᠯ ᠡᠷᠢᠬᠦ ᠬᠦᠰᠡᠯ ᠡᠷᠡᠮᠡᠯᠵᠡᠯ ᠤᠨ ᠬᠥᠭᠦᠷᠭᠡ ᠶᠢᠨ ᠬᠤᠯᠪᠤᠭᠠᠰᠦ ᠶᠢ ᠪᠠᠶᠢᠭᠤᠯᠪᠠ︔ ︽ᠠᠯᠳᠠᠨ ᠨᠠᠮᠤᠷ ᠤᠨ ᠰᠤᠷᠤᠯᠴᠠᠯᠭ᠎ᠠ ᠶᠢ ᠲᠡᠳᠬᠦᠬᠦ︾ ᠠᠵᠢᠯᠯᠠᠭ᠎ᠠ ᠨᠢ ᠬᠦᠴᠢᠷᠳᠡᠯᠲᠡᠶ ᠠᠵᠢᠯᠴᠢᠨ ᠤ ᠬᠡᠷ ᠪᠦᠯᠢ ᠶᠢ ᠬᠠᠪᠰᠤᠷᠤᠨ ᠲᠡᠳᠬᠦᠵᠦ᠂ ᠲᠡᠳᠡᠨ ᠢ ᠵᠤᠯ ᠵᠢᠷᠭᠠᠯᠳᠦ ᠠᠮᠢᠳᠤᠷᠠᠯ ᠢ ᠬᠦᠭᠡᠭᠡᠴᠡᠯᠳᠦᠬᠦ ᠢᠳᠡᠭᠡᠯ ᠵᠤᠷᠢᠭ ᠢ ᠤᠯᠠᠮ ᠢᠶᠠᠷ ᠨᠡᠮᠡᠭᠳᠡᠬᠦᠯᠪᠡ ᠁ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠠᠵᠢᠯᠴᠢᠨ ᠤ ᠬᠡᠷᠡᠭᠴᠡᠭᠡ ᠪᠠᠷ ᠤᠳᠤᠷᠢᠳᠤᠮᠵᠢ ᠪᠤᠯᠭᠠᠵᠦ᠂ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠵᠢᠯᠳᠠᠨ ᠤ ᠪᠠᠴᠢᠮᠳᠠᠵᠦ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠶᠢᠳᠪᠦᠷᠢᠯᠡᠵᠦ᠂ ᠠᠵᠢᠯᠳᠠᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ ᠪᠤᠯᠤᠨ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠪᠡ᠃     ᠣᠲᠣ ᠪᠣᠯᠲᠠᠯ᠎ᠠ ︽ᠬᠠᠪᠤᠷ ᠲᠤ ᠠᠵᠢᠯ ᠤᠨ ᠪᠠᠶᠢᠷᠢ ᠬᠦᠷᠭᠡᠬᠦ︾᠂ ︽ᠠᠵᠢᠯᠴᠢᠨ ᠤ ᠡᠪᠯᠡᠯ ᠤᠨ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠂ ︽ᠤᠷᠢᠬᠠᠨ ᠰᠠᠯᠬᠢ ᠠᠵᠢᠯᠯᠠᠭ᠎ᠠ︾ ᠵᠡᠷᠭᠡ ᠠᠵᠢᠯᠯᠠᠭ᠎ᠠ ᠥᠷᠨᠢᠭᠦᠯᠵᠦ ᠂ ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠠᠵᠢᠯ ᠠᠯᠳᠠᠭᠰᠠᠳ᠂ ᠶᠡᠭᠡ ᠳᠡᠭᠡᠳᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠳ᠂ ᠬᠥᠯᠥᠰᠥᠨ ᠠᠵᠢᠯᠴᠢᠨ ᠳᠤ 2000 ᠭᠠᠷᠤᠶ ᠠᠵᠢᠯ ᠤᠨ ᠪᠠᠶᠢᠷᠢ ᠬᠠᠩᠭᠠᠪᠠ᠃ 2023 ᠣᠨ ᠳᠤ᠂ ᠨᠡᠶᠢᠲᠡ 201 ᠠᠵᠤ ᠠᠬᠤᠶᠢᠯᠠᠯ ᠨᠢ ᠠᠵᠢᠯ ᠤᠨ ᠪᠠᠶᠢᠷᠢ ᠳᠤ ᠪᠠᠶᠢᠭ᠎ᠠ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠶᠢᠨ ᠲᠦᠯᠦᠪᠯᠡᠭᠡ ᠳᠤ ᠤᠷᠤᠵᠦ᠂ ᠠᠵᠢᠯᠴᠢᠨ ᠤ ᠶᠡᠷᠦᠩᠭᠡᠢ ᠡᠪᠯᠡᠯ ᠳᠤ ᠤᠷᠤᠭᠰᠠᠨ ᠬᠦᠮᠦᠨ ᠤ ᠲᠤᠭ᠎ᠠ 12887 ᠪᠤᠯᠪᠠ᠃ ᠨᠡᠶᠢᠲᠡ 3678 ᠬᠥᠮᠦᠨ ᠤᠳᠠᠭ᠎ᠠ ᠭᠤᠶᠤᠴᠢᠯᠠᠯ ᠢᠶᠠᠨ ᠳᠤᠷᠠᠳᠴᠤ᠂ ᠨᠥᠬᠦᠪᠥᠷᠢ ᠶᠢᠨ ᠶᠡᠷᠦᠩᠬᠡᠶ ᠲᠤᠭ᠎ᠠ 516 ᠲᠦᠮᠡᠨ ᠲᠥᠭᠦᠷᠢᠭ ᠢ ᠳᠠᠪᠠᠵᠤ᠂ ᠬᠠᠮᠤᠭ ᠤᠨ ᠦᠨᠳᠦᠷ ᠲᠡᠭᠡᠨ 56.5 ᠲᠦᠮᠡᠨ ᠲᠥᠭᠦᠷᠢᠭ ᠤᠨ ᠨᠥᠬᠦᠪᠥᠷᠢ ᠬᠦᠷᠳᠡᠭᠡᠵᠡᠢ᠃       ᠡᠭᠦᠨ ᠤ ᠬᠠᠮᠲᠤ᠂ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠭᠤᠤᠯᠳᠠᠯᠭ᠎ᠠ ᠶᠢ ᠠᠳᠬᠤᠬᠤ ᠂ ᠬᠦᠴᠢᠷ ᠠᠰᠠᠭᠤᠳᠠᠯ ᠢ ᠰᠶᠢᠳᠪᠦᠷᠢᠯᠡᠬᠦ ᠲᠡᠭᠡᠷ᠎ᠠ ᠬᠦᠴᠦ ᠲᠠᠯᠪᠢᠵᠦ᠂ ︽ᠰᠢᠬᠦᠬᠦ ᠬᠤᠷᠢᠶ᠎ᠠ + ᠠᠵᠢᠯᠴᠢᠨ ᠤ ᠡᠪᠯᠡᠯ ︾ ᠤᠨ ᠲᠤᠭᠳᠠᠴᠠ ᠶᠢ ᠲᠠᠰᠤᠷᠠᠯᠳᠠ ᠦᠭᠡᠢ ᠲᠡᠬᠦᠯᠳᠡᠷᠵᠢᠬᠦᠯᠪᠡ᠃ ᠴᠠᠯᠢᠩ ᠦᠷᠢᠳᠦᠭᠰᠡᠨ ᠬᠡᠷᠡᠭ ᠪᠠ ᠬᠦᠳᠡᠯᠮᠦᠷᠢ ᠶᠢᠨ ᠮᠠᠷᠭᠤᠯᠳᠤᠭᠠᠨ ᠤ ᠭᠡᠷᠡᠭ ᠲᠤ ᠲᠤᠰᠠᠯᠠᠮᠵᠢ ᠬᠢᠵᠦ ᠲᠡᠶᠢᠯᠬᠦ ᠶᠢ ᠨᠢ ᠴᠢᠳᠠᠬᠤ ᠶᠢᠨ ᠬᠢᠷᠢ ᠪᠠᠷ ᠬᠢᠵᠦ᠂ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠪᠠ︔ ︽ᠠᠵᠢᠯᠴᠢᠨ ᠤ ᠡᠪᠯᠡᠯ ᠠᠴᠠ ᠡᠷᠡᠭᠦᠯ ᠮᠡᠨᠳᠦ ᠬᠦᠷᠭᠡᠬᠦ︾ ᠠᠯᠪᠠᠨ ᠵᠢᠷᠤᠮ ᠤᠨ ᠡᠮᠴᠢᠯᠡᠭᠡᠨ ᠤ ᠰᠢᠷᠢᠰ ᠠᠵᠢᠯᠯᠠᠭ᠎ᠠ ᠶᠢ ᠥᠷᠨᠢᠭᠦᠯᠵᠦ᠂ 3000 ᠭᠠᠷᠤᠶ ᠬᠥᠮᠦᠨ ᠳᠤ ᠡᠮᠴᠢᠯᠡᠭᠡᠨ ᠤ ᠦᠢᠯᠡᠴᠢᠯᠡᠭᠡ ᠬᠠᠩᠭᠠᠪᠠ︔ ᠡᠮᠡᠭᠲᠡᠶ ᠠᠵᠢᠯᠴᠢᠨ ᠳᠤ ︽ᠬᠤᠶᠠᠷ ᠥᠮᠡᠨ︾ ᠢ ᠪᠠᠶᠢᠴᠠᠭᠠᠬᠤ ᠦᠢᠯᠡᠴᠢᠯᠡᠭᠡ ᠵᠢᠴᠢ ᠪᠤᠰᠤᠳ ᠦᠢᠯᠡᠴᠢᠯᠡᠭᠡ ᠶᠢ ᠴᠢᠨᠠᠷ ᠰᠠᠶᠢᠳᠠᠢ ᠬᠠᠩᠭᠠᠪᠠ᠃
                 ᠪᠠᠢ ᠢᠤᠢ ᠯᠢᠶᠠᠩ   ᠦᠷᠡᠴᠡᠴᠡᠭ    ᠵᠠᠩ ᠸᠧᠨ ᠰᠢᠩ  ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号