ᠵᠤᠬᠢᠶᠠᠨ ᠪᠠᠶᠢᠭᠤᠯᠤᠯᠳᠠ​ ᠪᠠᠨ ᠴᠢᠩᠭᠠᠳᠬᠠᠨ ᠦᠨᠳᠦᠰᠦᠨ ᠱᠠᠳᠤᠨ ᠤ ᠰᠠᠭᠤᠷᠢ ᠶᠢ ᠪᠠᠬᠢᠵᠢᠬᠦᠯᠪᠡ
ᠨᠡᠶᠢᠲᠡᠯᠡᠭᠰᠡᠨ ᠴᠠᠭ᠄
2024/5/30
    ᠠᠵᠢᠯᠴᠢᠨ ᠤ ᠡᠪᠯᠡᠯ ᠤᠨ ᠬᠢᠨ ᠶᠡᠭᠡ ᠲᠠᠯ᠎ᠠ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠪᠦᠳᠦᠮᠵᠢᠳᠡᠢ ᠪᠠᠳᠠᠷᠠᠭᠤᠯᠵᠦ ᠴᠢᠳᠠᠬᠤ ᠡᠰᠡᠬᠦ ᠨᠢ ᠵᠤᠬᠢᠶᠠᠨ ᠪᠠᠶᠢᠭᠤᠯᠤᠯᠳᠠ ᠶᠢᠨ ᠬᠦᠴᠦᠨ ᠢᠶᠠᠷ ᠲᠣᠭᠲᠠᠭᠠᠭᠳᠠᠨ᠎ᠠ᠃ ᠠᠵᠢᠯᠴᠢᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠬᠦᠷᠦᠯᠴᠡᠬᠦ ᠦᠭᠡᠢ ᠪᠠᠶᠢᠳᠠᠯ ᠢ ᠦᠨᠳᠦᠰᠦᠯᠡᠨ᠂ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠠᠵᠢᠯᠴᠢᠨ ᠤ ᠰᠣᠶᠣᠯ ᠤᠨ ᠣᠷᠳᠣᠨ ᠢ 1 ᠦᠭᠡᠷᠡᠴᠢᠯᠡᠨ ᠪᠠᠶᠢᠭᠤᠯᠤᠭᠰᠠᠨ ᠪᠥᠭᠡᠳ 8 ︽︿ᠠᠨᠠᠷ ᠤᠨ ᠦᠷ᠎ᠡ﹀ ᠶᠢᠨ ᠠᠵᠢᠯᠴᠢᠨ ᠤ ᠦᠢᠯᠡᠴᠢᠯᠡᠭᠡᠨ ᠤ ᠥᠷᠲᠡᠭᠡ︾ ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠪᠠ᠃ ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠡᠭᠦᠷᠭᠡ ᠴᠢᠳᠠᠪᠬᠢ ᠪᠠᠨ ᠦᠷᠭᠦᠯᠵᠢᠯᠡᠨ ᠪᠠᠶᠠᠯᠢᠭᠵᠢᠭᠤᠯᠵᠤ᠂ ᠠᠵᠢᠯᠴᠢᠨ ᠤ ᠨᠣᠮ ᠤᠨ ᠥᠷᠥᠭᠡ᠂ ᠪᠡᠶ᠎ᠡ ᠴᠢᠭᠢᠷᠠᠭᠵᠢᠭᠤᠯᠬᠤ ᠬᠡᠷ᠂ ᠠᠵᠢᠯᠴᠢᠨ ᠠᠵᠢᠯᠯᠠᠭᠠᠨ ᠤ ᠲᠥᠪ ᠪᠠ ᠪᠡᠶ᠎ᠠ ᠴᠢᠬᠢᠷᠠᠬᠵᠢᠭᠤᠯᠬᠤ ᠬᠡᠷ ᠵᠡᠷᠭᠡ ᠶᠢ ᠪᠠᠶᠢᠭᠤᠯᠵᠦ᠂ ᠥᠷᠭᠡᠨ ᠣᠯᠠᠨ ᠠᠵᠢᠯᠴᠢᠨ ᠳᠤ ᠳᠥᠭᠦᠮ ᠳᠥᠲᠡ ᠠᠵᠢᠯᠯᠠᠭᠠᠨ ᠤ ᠲᠠᠯᠠᠪᠤᠷ ᠬᠠᠩᠭᠠᠵᠤ᠂ ᠪᠥᠬᠦ ᠬᠤᠰᠢᠭᠤᠨ ᠤ ᠠᠵᠢᠯᠴᠢᠨ ᠤ ᠰᠣᠶᠣᠯ ᠤᠷᠠᠯᠢᠭ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠲᠦᠢᠯ ᠤᠨ ᠲᠦᠬᠦᠮ ᠦᠵᠡᠬᠦᠯᠪᠡ᠃     ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠠᠰᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠡᠪᠯᠡᠯ ᠳᠤ ᠣᠷᠣᠬᠤ ᠠᠷᠭ᠎ᠠ ᠬᠡᠯᠪᠡᠷᠢ᠂ ᠠᠵᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠦᠢᠯᠡᠳᠦᠯᠭᠡ ᠬᠢᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠵᠤ᠂ ᠠᠵᠢᠯ ᠲᠦᠷᠦᠯ ᠤᠨ ᠴᠢᠨᠠᠷᠲᠠᠢ ᠬᠠᠮᠲᠤᠷᠠᠭᠰᠠᠨ ᠠᠵᠢᠯᠴᠢᠨ ᠤ ᠡᠪᠯᠡᠯ ᠪᠠ ᠣᠷᠣᠨ ᠪᠦᠰᠡ ᠶᠢᠨ ᠴᠢᠨᠠᠷᠲᠠᠢ ᠬᠤᠯᠪᠤᠭᠠᠳᠦ ᠠᠵᠢᠯᠴᠢᠨ ᠤ ᠡᠪᠯᠡᠯ ᠢ ᠪᠠᠶᠢᠭᠤᠯᠵᠤ᠂ ᠰᠢᠨ᠎ᠡ ᠡᠵᠡᠩᠨᠡᠯᠳᠡ ᠶᠢᠨ ᠬᠡᠯᠪᠡᠷᠢ ᠶᠢᠨ ᠬᠦᠮᠦᠰ᠂ ᠬᠦᠯᠦᠰᠦᠨ ᠠᠵᠢᠯᠴᠢᠨ ᠵᠡᠷᠭᠡ ᠬᠦᠳᠡᠯᠮᠦᠷᠢᠴᠢᠨ ᠢ ᠲᠠᠳᠠᠪᠠ᠃ ᠣᠳᠣᠬᠠᠨ ᠳᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠡᠶᠢᠲᠡ 290 ᠪᠠᠶᠢᠵᠤ᠂ ᠭᠡᠰᠢᠭᠦᠨ ᠤ ᠲᠤᠭ᠎ᠠ 17286 ᠬᠦᠷᠪᠡ᠃ ︽ᠤᠮᠠᠷᠠᠳᠤ ᠶᠢᠨ ᠠᠵᠢᠯᠴᠢᠨ ᠤ ᠡᠪᠯᠡᠯ︾ APP ᠪᠠᠷ ᠳᠠᠩᠰᠠᠯᠠᠬᠤ ᠪᠠᠷ ᠳᠠᠮᠵᠢᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ 632 ᠬᠥᠳᠡᠯᠮᠦᠷᠢᠴᠢᠳ ᠤᠨ ᠰᠦᠯᠵᠢᠶᠡᠨ ᠳᠡᠭᠡᠷ᠎ᠡ ᠠᠵᠢᠯᠴᠢᠨ ᠤ ᠡᠪᠯᠡᠯ ᠳᠤ ᠤᠷᠤᠬᠤ ᠶᠢ ᠪᠡᠶᠡᠯᠡᠬᠦᠯᠵᠦ᠂ ᠭᠡᠷᠡᠴᠢᠯᠡᠯᠳᠡ ᠬᠢᠭᠰᠡᠨ ᠭᠡᠰᠢᠬᠦᠨ 11411 ᠳᠤ ᠬᠦᠷᠴᠦ᠂ ᠭᠡᠷᠡᠴᠢᠯᠡᠯᠳᠡ ᠬᠢᠭᠰᠡᠨ ᠨᠣᠷᠮ᠎ᠠ 66% ᠳᠤ ᠬᠥᠷᠪᠡ᠃ ᠵᠠᠬᠢᠶᠠᠯᠠᠭ᠎ᠠ ᠶᠢᠨ ᠬᠤᠭᠤᠯᠠ᠂ ᠲᠦᠷᠭᠡᠨ ᠬᠦᠷᠭᠡᠯᠲᠡ ᠵᠡᠷᠭᠡ ᠰᠢᠨ᠎ᠡ ᠬᠡᠯᠪᠡᠷᠢ ᠶᠢᠨ ᠠᠵᠢᠯ ᠣᠯᠤᠭᠰᠠᠨ ᠬᠥᠳᠡᠯᠮᠦᠷᠢᠴᠢᠳ ᠤᠨ ᠳᠤᠮᠳᠠ ᠭᠦᠨᠵᠡᠭᠡᠶᠢᠷᠡᠨ ᠰᠢᠨᠵᠢᠯᠡᠨ ᠪᠠᠶᠢᠴᠠᠭᠠᠯᠳᠠ ᠬᠢᠵᠦ᠂ ᠪᠥᠬᠦ ᠵᠢᠯ ᠳᠤ ᠨᠡᠶᠢᠲᠡ 2046 ᠵᠢᠵᠢᠭ ᠠᠵᠤ ᠠᠬᠤᠶᠢᠯᠠᠯ ᠢ ᠭᠥᠯᠢᠶᠡᠨ ᠠᠪᠴᠤ ᠡᠪᠯᠡᠯ ᠳᠤ ᠣᠷᠣᠭᠤᠯᠪᠠ᠃      2023 ᠣᠨ ᠳᠤ᠂ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︽ᠪᠥᠬᠦ ᠤᠯᠤᠰ ᠤᠨ ᠠᠵᠢᠯᠴᠢᠨ ᠤ ᠡᠪᠯᠡᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠳᠡ︾ ᠶᠢᠨ ᠢᠷᠠᠭᠤ ᠠᠯᠳᠠᠷ ᠢ ᠬᠦᠷᠳᠡᠵᠦ᠂ ᠭᠤᠷᠪᠠᠨ ᠵᠢᠯ ᠳᠠᠷᠠᠭᠠᠯᠠᠨ ︽ᠥᠪᠥᠷ ᠮᠣᠩᠭᠤᠯ ᠤᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢᠨ ᠲᠡᠷᠢᠭᠦᠨ ᠤ ᠨᠢᠭᠡᠴᠢ︾ ᠵᠡᠷᠭᠡ ᠮᠠᠰᠢ ᠣᠯᠠᠨ ᠢᠷᠠᠭᠤ ᠠᠯᠳᠠᠷ ᠢ ᠭᠥᠷᠳᠡᠪᠡ᠃ ︽ᠡᠨᠡ ᠵᠢᠯ᠂ ᠪᠢᠳᠡ ᠦᠢᠯᠡᠴᠢᠯᠡᠭᠡᠨ ᠤ ᠲᠥᠪ ᠲᠤ ᠠᠭᠤᠰᠤᠯᠴᠠᠬᠤ ᠪᠠᠷ ᠬᠦᠴᠦᠯᠡᠨ ᠴᠢᠷᠮᠠᠶᠢᠵᠤ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︿559﹀ ᠠᠵᠢᠯ ᠤᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯ ᠤᠨ ᠱᠠᠭᠠᠷᠳᠠᠯᠭ᠎ᠠ ᠳᠤ ᠰᠠᠭᠤᠷᠢᠯᠠᠵᠤ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤ   ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠠᠵᠢᠯᠳᠠᠨ ᠲᠦᠮᠡᠨ ᠲᠠᠢ ᠨᠢᠭᠳᠠ ᠬᠠᠷᠢᠯᠴᠠᠬᠤ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠬᠤᠶᠠᠷ ᠶᠡᠭᠡ ᠶᠠᠪᠤᠳᠠᠯ ᠪᠣᠯᠤᠨ ︿ᠵᠢᠷᠭᠤᠭᠠᠨ ᠢᠨᠵᠧᠨᠧᠷᠢᠩ﹀ ᠳᠤ ᠦᠢᠯᠡᠴᠢᠯᠡᠬᠦ ᠳᠤᠮᠳᠠ ᠠᠵᠢᠯᠴᠢᠨ ᠤ ᠡᠪᠯᠡᠯ ᠤᠨ ᠪᠠᠶᠢᠭᠤᠯᠤᠯᠳᠠ ᠶᠢᠨ ᠡᠬᠦᠷᠭᠡᠯᠡᠯ ᠢ ᠢᠯᠡᠷᠡᠬᠦᠯᠦᠨ᠎ᠡ︾ ᠭᠡᠵᠦ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠶᠢᠨ ᠶᠠᠨ ᠢᠯᠡᠷᠭᠡᠶᠢᠯᠡᠨ᠎ᠠ᠃                            ᠪᠠᠢ ᠢᠤᠢ ᠯᠢᠶᠠᠩ   ᠦᠷᠡᠴᠡᠴᠡᠭ    ᠵᠠᠩ ᠸᠧᠨ ᠰᠢᠩ  ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号