ᠪᠦᠬᠦ ᠠᠶᠢᠮᠠᠭ ᠤᠨ ᠴᠠᠬᠢᠯᠭᠠᠨ ᠬᠦᠳᠡᠯᠬᠡᠬᠦᠷᠳᠤ ᠲᠤᠭᠤᠢ ᠲᠡᠷᠬᠡᠨ ᠤ ᠠᠮᠦᠷ ᠲᠦᠪᠰᠢᠨ ᠤ ᠲᠠᠯᠳᠠ ᠬᠡᠮ ᠢ | ᠲᠦᠪᠯᠡᠷᠡᠬᠦᠯᠦᠨ ᠪᠠᠶᠢᠴᠠᠭᠠᠬᠤ ᠠᠵᠢᠯᠯᠠᠭ᠎ᠠ ᠶᠢᠨ ᠱᠠᠭᠠᠷᠳᠠᠯᠭ᠎ᠠ ᠶᠤᠰᠤᠭᠠᠷ᠂ ᠤᠶᠢᠷ᠎ᠠ ᠶᠢᠨ ᠡᠳᠦᠷ᠂ ᠵᠠᠯᠠᠶᠢᠳ | ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠬᠤᠰᠢᠭᠤᠨ ᠤ ᠲᠤᠳᠤᠭᠠᠳᠤ ᠶᠢ | ᠬᠠᠮᠠᠭᠠᠯᠠᠬᠤ ᠲᠤᠪᠴᠢᠶ᠎ᠠ᠂ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ | ᠲᠤᠪᠴᠢᠶ᠎ᠠ᠂ ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠵᠡᠷᠭᠡ ᠪᠠᠶᠢᠭᠤᠯᠭ᠎ᠠ ᠬᠠᠮᠳᠤᠷᠠᠨ | ᠴᠠᠬᠢᠯᠭᠠᠨ ᠬᠦᠳᠡᠯᠬᠡᠬᠦᠷᠳᠤ ᠲᠤᠭᠤᠢ ᠲᠡᠷᠬᠡᠨ ᠤ ᠠᠮᠦᠷ ᠲᠦᠪᠰᠢᠨ ᠤ ᠲᠠᠯᠳᠠ ᠬᠡᠮ ᠢ ᠲᠦᠪᠯᠡᠷᠡᠬᠦᠯᠦᠨ ᠪᠠᠶᠢᠴᠠᠭᠠᠬᠤ | ᠠᠵᠢᠯᠯᠠᠭ᠎ᠠ ᠦᠷᠨᠢᠬᠦᠯᠵᠦ᠂ ᠲᠦᠷᠢᠮ ᠢ ᠵᠦᠷᠢᠴᠡᠨ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠦᠬᠡᠷᠡᠴᠢᠯᠡᠨ | ᠤᠬᠰᠠᠷᠠᠬᠤ ᠵᠡᠷᠭᠡ ᠲᠤᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠦ᠂ ᠬᠠᠷᠢᠶᠠᠳᠤ ᠤᠷᠤᠨ ᠤ ᠪᠠᠨ ᠭᠠᠯ | ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ᠤᠷᠴᠢᠨ ᠲᠤᠭᠤᠷᠢᠨ ᠢ ᠪᠦᠷᠢᠯᠳᠦᠬᠦᠯᠦᠭᠰᠡᠨ ᠪᠠᠶᠢᠨ᠎ᠠ᠃ | ᠪᠠᠶᠢᠴᠠᠭᠠᠯᠳᠠ ᠳᠤ᠂ ᠰᠠᠶᠢᠬᠠᠨ ᠮᠢᠩ ᠳ᠋ᠦ᠋᠂ ᠸᠠᠨ ᠴᠤᠩ ᠬᠤᠸᠠ ᠹᠦ᠋᠂ ᠵᠡᠬᠡᠯᠢ ᠲᠠᠭᠠᠬᠰᠠᠨ ᠬᠤᠳᠠᠯᠳᠤᠭ᠎ᠠ | ᠵᠡᠷᠭᠡ ᠦᠨᠳᠦᠷ ᠠᠰᠠᠷ ᠤᠨ ᠰᠠᠭᠤᠷᠢᠰᠢᠯ ᠤᠨ ᠪᠠᠭ᠎ᠠ ᠲᠤᠭᠤᠷᠢᠭ᠂ ᠬᠦᠮᠦᠨ ᠠᠮᠠ ᠤᠯᠠᠨ ᠲᠠᠯᠠᠪᠦᠷ ᠭᠠᠵᠠᠷ ᠢᠶᠠᠷ | ᠴᠠᠬᠢᠯᠭᠠᠨ ᠬᠦᠳᠡᠯᠬᠡᠬᠦᠷᠳᠤ ᠲᠤᠭᠤᠢ ᠲᠡᠷᠭᠡ ᠪᠠᠨ ᠠᠰᠠᠷ ᠤᠨ ᠬᠤᠨᠭ᠍ᠬᠢᠯ ᠳᠤ ᠤᠷᠤᠭᠤᠯᠤᠨ ᠴᠡᠬᠢᠯᠭᠠᠨ ᠴᠡᠨᠡᠭᠯᠡᠬᠦ᠂ ︽ | ᠠᠰᠠᠷ ᠠᠴᠠ ᠴᠠᠬᠢᠯᠭᠠᠨ ᠤᠳᠠᠰᠦ ᠪᠠᠭᠤᠯᠭᠠᠨ ᠴᠡᠬᠢᠯᠭᠠᠨ ᠴᠡᠨᠡᠭᠯᠡᠬᠦ︾ ᠵᠢᠴᠢ ᠲᠦᠷᠢᠮ ᠢ ᠵᠦᠷᠢᠴᠡᠨ ᠠᠰᠠᠷ ᠤᠨ | ᠬᠤᠨᠭ᠍ᠬᠢᠯ᠂ ᠠᠮᠦᠷ ᠲᠦᠪᠰᠢᠨ ᠤᠷᠤᠵᠦ ᠭᠠᠷᠬᠤ ᠡᠬᠦᠳᠡ᠂ ᠭᠠᠯ ᠰᠡᠷᠬᠡᠶᠢᠯᠡᠵᠦ ᠤᠨᠳᠠᠷᠠᠭᠠᠬᠤ ᠲᠡᠷᠬᠡ ᠨᠡᠪᠳᠡᠷᠡᠬᠦ ᠵᠠᠮ | ᠲᠡᠭᠡᠷ᠎ᠡ ᠵᠤᠬᠰᠤᠭᠠᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠬᠰᠠᠨ ᠪᠠᠶᠢᠨ᠎ᠠ᠃ ᠪᠠᠶᠢᠴᠠᠭᠠᠬᠤ | ᠲᠤᠭᠤᠶᠢᠯᠠᠩ ᠤᠨ ᠬᠢᠨ ᠮᠡᠳᠡᠵᠦ ᠤᠯᠤᠬᠰᠠᠨ ᠲᠦᠷᠢᠮ ᠠᠴᠠ ᠵᠦᠷᠢᠴᠡᠭᠰᠡᠨ ᠠᠰᠠᠭᠤᠳᠠᠯ ᠳᠤ ᠴᠢᠭᠯᠡᠬᠦᠯᠦᠨ᠂ | ᠦᠳᠳᠡᠷ ᠲᠦᠷᠬᠡᠨ ᠢᠶᠠᠷ ᠡᠷᠦᠬᠡ ᠪᠠᠷ ᠬᠦᠨᠵᠡᠬᠡᠶᠢᠷᠡᠨ ᠰᠠᠨᠠᠭᠤᠯᠵᠦ᠂ ᠦᠷᠦᠬᠡᠨ ᠲᠤᠳᠤᠷ᠎ᠠ ᠴᠠᠬᠢᠯᠭᠠᠨ ᠴᠡᠨᠡᠭᠯᠡᠨ᠂ | ᠲᠦᠷᠢᠮ ᠢ ᠵᠦᠷᠢᠴᠡᠨ ᠵᠤᠬᠰᠤᠭᠠᠭᠠᠳ ᠭᠠᠯ ᠤᠨ ᠠᠶᠤᠯ ᠭᠠᠷᠤᠬᠰᠠᠨ ᠪᠤᠳᠠᠳᠤ ᠬᠡᠷᠡᠭ ᠤᠨ ᠵᠢᠱᠢᠶ᠎ᠡ ᠶᠢ ᠲᠠᠶᠢᠯᠪᠦᠷᠢᠯᠠᠨ | ᠂ ᠰᠠᠭᠤᠭᠠᠯᠢ ᠠᠷᠠᠳ ᠢ ᠠᠮᠦᠷ ᠲᠦᠪᠰᠢᠨ ᠢᠶᠠᠷ ᠴᠠᠬᠢᠯᠭᠠᠨ ᠴᠡᠨᠡᠭᠯᠡᠵᠦ᠂ ᠲᠦᠷᠢᠮ ᠶᠤᠰᠤᠭᠠᠷ ᠲᠡᠷᠭᠡ ᠪᠠᠨ | ᠵᠤᠬᠰᠤᠭᠠᠬᠤ ᠶᠢ ᠱᠠᠭᠠᠷᠳᠠᠵᠦ᠂ ᠠᠮᠦᠷ ᠲᠦᠪᠰᠢᠨ ᠤ ᠲᠠᠯᠳᠠ ᠬᠡᠮ ᠢ ᠴᠠᠭ ᠲᠤᠬᠠᠢ ᠳᠤᠨᠢ ᠠᠷᠢᠯᠭᠠᠬᠰᠠᠨ ᠪᠠᠶᠢᠨ᠎ᠠ᠃ | ᠲᠤᠰ ᠤᠳᠠᠭᠠᠨ ᠤ ᠪᠠᠶᠢᠴᠠᠭᠠᠯᠳᠠ ᠳᠤ ᠲᠦᠷᠢᠮ ᠠᠴᠠ ᠵᠦᠷᠢᠴᠡᠭᠰᠡᠨ 35 ᠴᠠᠬᠢᠯᠭᠠᠨ ᠬᠦᠳᠡᠯᠬᠡᠬᠦᠷᠳᠤ | ᠲᠤᠭᠤᠢ ᠲᠡᠷᠭᠡ ᠶᠢ ᠢᠯᠡᠷᠡᠬᠦᠯᠦᠭᠰᠡᠨ ᠪᠦᠭᠡᠳ ᠲᠡᠷᠡ ᠲᠠᠷᠦᠢ ᠳᠤᠨᠢ ᠴᠡᠭᠴᠡᠯᠡᠨ ᠵᠠᠰᠠᠬᠰᠠᠨ ᠪᠠᠶᠢᠨ᠎ᠠ᠃ | ᠪᠠᠶᠢᠴᠠᠭᠠᠯᠳᠠ ᠪᠠᠷ ᠲᠠᠮᠵᠢᠭᠤᠯᠤᠨ᠂ ᠵᠠᠯᠠᠶᠢᠳ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ | ᠲᠠᠯᠳᠠ ᠬᠡᠮ ᠤᠨ ᠬᠤᠷᠢᠭ᠎ᠠ ᠱᠤᠭᠤᠮ ᠢ ᠤᠯᠠᠮ ᠨᠢᠬᠡ ᠠᠯᠬᠤᠮ ᠪᠠᠳᠦᠵᠢᠭᠤᠯᠵᠦ᠂ ᠨᠡᠶᠢᠬᠡᠮ ᠲᠤᠭᠤᠷᠢᠭ ᠤᠨ | ᠰᠠᠭᠤᠭᠠᠯᠢ ᠠᠷᠠᠳ ᠲᠤ ᠠᠮᠦᠷ ᠲᠦᠪᠰᠢᠨ᠂ ᠡᠶ᠎ᠡ ᠵᠤᠬᠢᠴᠠᠯ ᠲᠠᠢ ᠠᠮᠢᠳᠦᠷᠠᠯ ᠤᠨ ᠤᠷᠴᠢᠨ ᠲᠤᠭᠤᠷᠢᠨ ᠢ | ᠪᠦᠷᠢᠯᠳᠦᠬᠦᠯᠵᠦ ᠦᠭᠬᠦᠭᠰᠡᠨ ᠪᠠᠶᠢᠨ᠎ᠠ᠃ | ᠭᠤᠤ ᠫᠧᠩ ᠢᠤᠢ ᠯᠢ ᠰᠢᠤᠸᠠᠢ ᠮᠡᠳᠡᠭᠡᠯᠡᠪᠡ |