ᠵᠠᠯᠠᠶᠢᠳ ᠬᠤᠰᠢᠭᠤᠨ ᠤ ᠤᠯᠠᠨ ᠰᠠᠯᠠᠭ᠎ᠠ ᠮᠦᠴᠢᠷ ᠬᠠᠮᠳᠤᠷᠠᠨ ᠠᠮᠦᠷ ᠲᠦᠪᠰᠢᠨ ᠤ ᠲᠠᠯᠳᠠ ᠬᠡᠮ ᠢ ᠪᠠᠶᠢᠴᠠᠭᠠᠵᠠᠢ
ᠨᠡᠶᠢᠲᠡᠯᠡᠭᠰᠡᠨ ᠴᠠᠭ᠄
2024/5/30
    ᠪᠦᠬᠦ ᠠᠶᠢᠮᠠᠭ ᠤᠨ ᠴᠠᠬᠢᠯᠭᠠᠨ ᠬᠦᠳᠡᠯᠬᠡᠬᠦᠷᠳᠤ ᠲᠤᠭᠤᠢ ᠲᠡᠷᠬᠡᠨ ᠤ ᠠᠮᠦᠷ ᠲᠦᠪᠰᠢᠨ ᠤ ᠲᠠᠯᠳᠠ ᠬᠡᠮ ᠢ ᠲᠦᠪᠯᠡᠷᠡᠬᠦᠯᠦᠨ ᠪᠠᠶᠢᠴᠠᠭᠠᠬᠤ ᠠᠵᠢᠯᠯᠠᠭ᠎ᠠ ᠶᠢᠨ ᠱᠠᠭᠠᠷᠳᠠᠯᠭ᠎ᠠ ᠶᠤᠰᠤᠭᠠᠷ᠂ ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠵᠡᠷᠭᠡ ᠪᠠᠶᠢᠭᠤᠯᠭ᠎ᠠ ᠬᠠᠮᠳᠤᠷᠠᠨ ᠴᠠᠬᠢᠯᠭᠠᠨ ᠬᠦᠳᠡᠯᠬᠡᠬᠦᠷᠳᠤ ᠲᠤᠭᠤᠢ ᠲᠡᠷᠬᠡᠨ ᠤ ᠠᠮᠦᠷ ᠲᠦᠪᠰᠢᠨ ᠤ ᠲᠠᠯᠳᠠ ᠬᠡᠮ ᠢ ᠲᠦᠪᠯᠡᠷᠡᠬᠦᠯᠦᠨ ᠪᠠᠶᠢᠴᠠᠭᠠᠬᠤ ᠠᠵᠢᠯᠯᠠᠭ᠎ᠠ ᠦᠷᠨᠢᠬᠦᠯᠵᠦ᠂ ᠲᠦᠷᠢᠮ ᠢ ᠵᠦᠷᠢᠴᠡᠨ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠦᠬᠡᠷᠡᠴᠢᠯᠡᠨ ᠤᠬᠰᠠᠷᠠᠬᠤ ᠵᠡᠷᠭᠡ ᠲᠤᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠦ᠂ ᠬᠠᠷᠢᠶᠠᠳᠤ ᠤᠷᠤᠨ ᠤ ᠪᠠᠨ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ᠤᠷᠴᠢᠨ ᠲᠤᠭᠤᠷᠢᠨ ᠢ ᠪᠦᠷᠢᠯᠳᠦᠬᠦᠯᠦᠭᠰᠡᠨ ᠪᠠᠶᠢᠨ᠎ᠠ᠃    ᠪᠠᠶᠢᠴᠠᠭᠠᠯᠳᠠ ᠳᠤ᠂ ᠰᠠᠶᠢᠬᠠᠨ ᠮᠢᠩ ᠳ᠋ᠦ᠋᠂ ᠸᠠᠨ ᠴᠤᠩ ᠬᠤᠸᠠ ᠹᠦ᠋᠂ ᠵᠡᠬᠡᠯᠢ ᠲᠠᠭᠠᠬᠰᠠᠨ ᠬᠤᠳᠠᠯᠳᠤᠭ᠎ᠠ ᠵᠡᠷᠭᠡ ᠦᠨᠳᠦᠷ ᠠᠰᠠᠷ ᠤᠨ ᠰᠠᠭᠤᠷᠢᠰᠢᠯ ᠤᠨ ᠪᠠᠭ᠎ᠠ ᠲᠤᠭᠤᠷᠢᠭ᠂ ᠬᠦᠮᠦᠨ ᠠᠮᠠ ᠤᠯᠠᠨ ᠲᠠᠯᠠᠪᠦᠷ ᠭᠠᠵᠠᠷ ᠢᠶᠠᠷ ᠴᠠᠬᠢᠯᠭᠠᠨ ᠬᠦᠳᠡᠯᠬᠡᠬᠦᠷᠳᠤ ᠲᠤᠭᠤᠢ ᠲᠡᠷᠭᠡ ᠪᠠᠨ ᠠᠰᠠᠷ ᠤᠨ ᠬᠤᠨᠭ᠍ᠬᠢᠯ ᠳᠤ ᠤᠷᠤᠭᠤᠯᠤᠨ ᠴᠡᠬᠢᠯᠭᠠᠨ ᠴᠡᠨᠡᠭᠯᠡᠬᠦ᠂ ︽ᠠᠰᠠᠷ ᠠᠴᠠ ᠴᠠᠬᠢᠯᠭᠠᠨ ᠤᠳᠠᠰᠦ ᠪᠠᠭᠤᠯᠭᠠᠨ ᠴᠡᠬᠢᠯᠭᠠᠨ ᠴᠡᠨᠡᠭᠯᠡᠬᠦ︾ ᠵᠢᠴᠢ ᠲᠦᠷᠢᠮ ᠢ ᠵᠦᠷᠢᠴᠡᠨ ᠠᠰᠠᠷ ᠤᠨ ᠬᠤᠨᠭ᠍ᠬᠢᠯ᠂ ᠠᠮᠦᠷ ᠲᠦᠪᠰᠢᠨ ᠤᠷᠤᠵᠦ ᠭᠠᠷᠬᠤ ᠡᠬᠦᠳᠡ᠂ ᠭᠠᠯ ᠰᠡᠷᠬᠡᠶᠢᠯᠡᠵᠦ ᠤᠨᠳᠠᠷᠠᠭᠠᠬᠤ ᠲᠡᠷᠬᠡ ᠨᠡᠪᠳᠡᠷᠡᠬᠦ ᠵᠠᠮ ᠲᠡᠭᠡᠷ᠎ᠡ ᠵᠤᠬᠰᠤᠭᠠᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠬᠰᠠᠨ ᠪᠠᠶᠢᠨ᠎ᠠ᠃ ᠪᠠᠶᠢᠴᠠᠭᠠᠬᠤ ᠲᠤᠭᠤᠶᠢᠯᠠᠩ ᠤᠨ ᠬᠢᠨ ᠮᠡᠳᠡᠵᠦ ᠤᠯᠤᠬᠰᠠᠨ ᠲᠦᠷᠢᠮ ᠠᠴᠠ ᠵᠦᠷᠢᠴᠡᠭᠰᠡᠨ ᠠᠰᠠᠭᠤᠳᠠᠯ ᠳᠤ ᠴᠢᠭᠯᠡᠬᠦᠯᠦᠨ᠂ ᠦᠳᠳᠡᠷ ᠲᠦᠷᠬᠡᠨ ᠢᠶᠠᠷ ᠡᠷᠦᠬᠡ ᠪᠠᠷ ᠬᠦᠨᠵᠡᠬᠡᠶᠢᠷᠡᠨ ᠰᠠᠨᠠᠭᠤᠯᠵᠦ᠂ ᠦᠷᠦᠬᠡᠨ ᠲᠤᠳᠤᠷ᠎ᠠ ᠴᠠᠬᠢᠯᠭᠠᠨ ᠴᠡᠨᠡᠭᠯᠡᠨ᠂ ᠲᠦᠷᠢᠮ ᠢ ᠵᠦᠷᠢᠴᠡᠨ ᠵᠤᠬᠰᠤᠭᠠᠭᠠᠳ ᠭᠠᠯ ᠤᠨ ᠠᠶᠤᠯ ᠭᠠᠷᠤᠬᠰᠠᠨ ᠪᠤᠳᠠᠳᠤ ᠬᠡᠷᠡᠭ ᠤᠨ ᠵᠢᠱᠢᠶ᠎ᠡ ᠶᠢ ᠲᠠᠶᠢᠯᠪᠦᠷᠢᠯᠠᠨ ᠂ ᠰᠠᠭᠤᠭᠠᠯᠢ ᠠᠷᠠᠳ ᠢ ᠠᠮᠦᠷ ᠲᠦᠪᠰᠢᠨ ᠢᠶᠠᠷ ᠴᠠᠬᠢᠯᠭᠠᠨ ᠴᠡᠨᠡᠭᠯᠡᠵᠦ᠂ ᠲᠦᠷᠢᠮ ᠶᠤᠰᠤᠭᠠᠷ ᠲᠡᠷᠭᠡ ᠪᠠᠨ ᠵᠤᠬᠰᠤᠭᠠᠬᠤ ᠶᠢ ᠱᠠᠭᠠᠷᠳᠠᠵᠦ᠂ ᠠᠮᠦᠷ ᠲᠦᠪᠰᠢᠨ ᠤ ᠲᠠᠯᠳᠠ ᠬᠡᠮ ᠢ ᠴᠠᠭ ᠲᠤᠬᠠᠢ ᠳᠤᠨᠢ ᠠᠷᠢᠯᠭᠠᠬᠰᠠᠨ ᠪᠠᠶᠢᠨ᠎ᠠ᠃      ᠲᠤᠰ ᠤᠳᠠᠭᠠᠨ ᠤ ᠪᠠᠶᠢᠴᠠᠭᠠᠯᠳᠠ ᠳᠤ ᠲᠦᠷᠢᠮ ᠠᠴᠠ ᠵᠦᠷᠢᠴᠡᠭᠰᠡᠨ 35 ᠴᠠᠬᠢᠯᠭᠠᠨ ᠬᠦᠳᠡᠯᠬᠡᠬᠦᠷᠳᠤ ᠲᠤᠭᠤᠢ ᠲᠡᠷᠭᠡ ᠶᠢ ᠢᠯᠡᠷᠡᠬᠦᠯᠦᠭᠰᠡᠨ ᠪᠦᠭᠡᠳ ᠲᠡᠷᠡ ᠲᠠᠷᠦᠢ ᠳᠤᠨᠢ ᠴᠡᠭᠴᠡᠯᠡᠨ ᠵᠠᠰᠠᠬᠰᠠᠨ ᠪᠠᠶᠢᠨ᠎ᠠ᠃ ᠪᠠᠶᠢᠴᠠᠭᠠᠯᠳᠠ ᠪᠠᠷ ᠲᠠᠮᠵᠢᠭᠤᠯᠤᠨ᠂ ᠵᠠᠯᠠᠶᠢᠳ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ ᠤ ᠲᠠᠯᠳᠠ ᠬᠡᠮ ᠤᠨ ᠬᠤᠷᠢᠭ᠎ᠠ ᠱᠤᠭᠤᠮ ᠢ ᠤᠯᠠᠮ ᠨᠢᠬᠡ ᠠᠯᠬᠤᠮ ᠪᠠᠳᠦᠵᠢᠭᠤᠯᠵᠦ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠲᠤ ᠠᠮᠦᠷ ᠲᠦᠪᠰᠢᠨ᠂ ᠡᠶ᠎ᠡ ᠵᠤᠬᠢᠴᠠᠯ ᠲᠠᠢ ᠠᠮᠢᠳᠦᠷᠠᠯ ᠤᠨ ᠤᠷᠴᠢᠨ ᠲᠤᠭᠤᠷᠢᠨ ᠢ ᠪᠦᠷᠢᠯᠳᠦᠬᠦᠯᠵᠦ ᠦᠭᠬᠦᠭᠰᠡᠨ ᠪᠠᠶᠢᠨ᠎ᠠ᠃                                 ᠭᠤᠤ ᠫᠧᠩ   ᠢᠤᠢ ᠯᠢ ᠰᠢᠤᠸᠠᠢ  ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号