ᠵᠠᠯᠠᠶᠢᠳ ᠬᠤᠰᠢᠭᠤᠨ ᠤ ᠬᠤᠶᠠᠷ ᠡᠮᠨᠡᠯᠬᠡ ᠶᠢᠨ ᠬᠤᠷᠢᠶ᠎ᠠ ᠳᠤ ᠡᠪᠡᠳᠴᠢᠳᠡᠨ ᠬᠡᠮᠡᠷᠯᠢᠭ ᠲᠤᠭ ᠬᠦᠷᠭᠡᠪᠡ
ᠨᠡᠶᠢᠲᠡᠯᠡᠭᠰᠡᠨ ᠴᠠᠭ᠄
2024/5/30
     ᠤᠶᠢᠷ᠎ᠠ ᠳᠤ᠂ ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠪᠠ ᠪᠠᠳᠠᠢ ᠡᠷᠡᠬᠦᠯ ᠬᠠᠮᠠᠭᠠᠯᠠᠯ ᠤᠨ ᠬᠤᠪᠢᠶᠠᠷᠢ ᠬᠤᠷᠢᠶ᠎ᠠ ᠲᠤᠰ ᠲᠤᠰ ᠡᠪᠡᠳᠴᠢᠳᠡᠨ ᠤ ᠬᠦᠷᠭᠡᠭᠰᠡᠨ ᠬᠡᠮᠡᠷᠯᠢᠭ ᠲᠤᠭ ᠲᠤᠰᠴᠦ ᠤᠯᠤᠬᠰᠠᠨ ᠪᠠᠶᠢᠨ᠎ᠠ᠃ ᠡᠨᠡ ᠨᠢ ᠡᠪᠡᠳᠴᠢᠳᠡᠨ ᠠᠴᠠ ᠡᠮᠨᠡᠯᠬᠡ ᠶᠢᠨ ᠬᠤᠷᠢᠶ᠎ᠠ ᠶᠢᠨ ᠰᠢᠯᠢᠳᠡᠭ ᠡᠮᠴᠢᠯᠡᠬᠡᠨ ᠤ ᠮᠡᠷᠬᠡᠵᠢᠯ ᠪᠠ ᠰᠢᠯᠢᠳᠡᠭ ᠦᠢᠯᠡᠴᠢᠯᠡᠭᠡ ᠳᠤ ᠲᠠᠯᠠᠷᠬᠠᠵᠦ ᠪᠠᠶᠢᠭ᠎ᠠ ᠰᠡᠳᠬᠢᠯᠬᠡ ᠪᠠᠨ ᠢᠯᠡᠳᠭᠡᠭᠰᠡᠨ ᠢᠶᠠᠷ ᠪᠠᠷᠠᠬᠤ ᠦᠬᠡᠢ ᠪᠠᠰᠠ ᠡᠮᠨᠡᠯᠬᠡ ᠶᠢᠨ ᠬᠤᠷᠢᠶ᠎ᠠ ᠶᠢᠨ ᠠᠵᠢᠯ ᠪᠠ ᠪᠦᠬᠦ ᠡᠮᠴᠢᠯᠡᠬᠡᠨ ᠤ ᠠᠵᠢᠯᠳᠠᠳ ᠲᠤ ᠦᠭᠬᠦᠭᠰᠡᠨ ᠬᠠᠷᠢᠭᠤ ᠪᠡᠯᠡᠭ ᠪᠤᠯᠬᠤ ᠶᠤᠮ᠃      ᠤᠶᠢᠯᠠᠭᠠᠬᠰᠠᠨ ᠢᠶᠠᠷ᠂ ᠬᠡᠮᠡᠷᠯᠢᠭ ᠲᠤᠭ ᠬᠦᠷᠭᠡᠭᠰᠡᠨ ᠡᠪᠡᠳᠴᠢᠳᠡᠨ ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶ᠎ᠠ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶᠠᠨ ᠳᠤ ᠲᠤᠰᠬᠠᠢ ᠮᠡᠷᠬᠡᠵᠢᠯ ᠤᠨ ᠡᠮᠴᠢᠯᠡᠭᠡ ᠬᠦᠷᠳᠡᠵᠦ᠂ ᠡᠮᠨᠡᠯᠬᠡ ᠶᠢᠨ ᠬᠤᠷᠢᠶ᠎ᠠ ᠶᠢᠨ ᠠᠵᠢᠯᠳᠠᠳ ᠦᠪᠡᠷᠮᠢᠴᠡ ᠮᠡᠷᠬᠡᠵᠢᠯ ᠪᠠ ᠨᠠᠷᠢᠯᠢᠭ ᠰᠤᠪᠢᠯᠠᠯᠳᠠ ᠪᠠᠷ ᠡᠪᠡᠳᠴᠢᠳᠡᠨ ᠤ ᠡᠪᠡᠳᠴᠢᠨ ᠤ ᠪᠠᠶᠢᠳᠠᠯ ᠢ ᠢᠯᠡᠷᠢᠰᠢᠬᠦᠯᠦᠭᠰᠡᠨ ᠪᠠᠶᠢᠨ᠎ᠠ᠃      ᠪᠠᠳᠠᠢ ᠡᠷᠡᠬᠦᠯ ᠬᠠᠮᠠᠭᠠᠯᠠᠯ ᠤᠨ ᠬᠤᠷᠢᠶᠠᠨ ᠳᠤ ᠨᠢᠬᠡᠨ ᠡᠪᠡᠳᠴᠢᠳᠡᠨ ᠲᠤᠰ ᠡᠮᠨᠡᠯᠬᠡ ᠶᠢᠨ ᠬᠤᠷᠢᠶ᠎ᠠ ᠶᠢᠨ ᠡᠮᠴᠢᠯᠡᠬᠡᠨ ᠤ ᠦᠢᠯᠡᠴᠢᠯᠡᠭᠡ ᠶᠢ ᠮᠠᠬᠳᠠᠨ ᠰᠠᠶᠢᠰᠢᠶᠠᠵᠦ ᠪᠠᠶᠢᠯ᠎ᠠ᠃ ᠡᠷᠡᠬᠦᠯ ᠬᠠᠮᠠᠭᠠᠯᠠᠯ ᠤᠨ ᠬᠤᠷᠢᠶ᠎ᠠ ᠨᠢ ᠲᠦᠬᠦᠮ᠂ ᠦᠨᠳᠦᠷ ᠪᠦᠳᠦᠮᠵᠢᠳᠡᠢ ᠦᠢᠯᠡᠴᠢᠯᠡᠭᠡ ᠪᠠᠷ ᠢᠶᠠᠨ ᠡᠪᠡᠳᠴᠢᠳᠡᠳ ᠤᠨ ᠬᠠᠯᠠᠭᠤᠨ ᠬᠦᠷᠢᠶᠡᠯᠡᠯ ᠢ ᠤᠯᠤᠬᠰᠠᠨ ᠪᠠᠶᠢᠨ᠎ᠠ᠃ ᠬᠡᠮᠡᠷᠯᠢᠭ ᠲᠤᠭ ᠬᠦᠷᠭᠡᠭᠰᠡᠨ ᠡᠪᠡᠳᠴᠢᠳᠡᠨ᠂ ᠡᠳᠦᠷ ᠲᠤᠳᠤᠮ ᠤᠨ ᠠᠰᠠᠭᠤᠨ ᠯᠠᠪᠯᠠᠯᠳᠠ᠂ ᠲᠦᠷᠬᠡᠨ ᠡᠪᠡᠳᠴᠢᠨ ᠢ ᠠᠪᠦᠷᠠᠨ ᠵᠠᠰᠠᠬᠤ ᠲᠠᠯ᠎ᠠ ᠪᠠᠷ ᠪᠠᠳᠠᠢ ᠡᠷᠡᠬᠦᠯ ᠬᠠᠮᠠᠭᠠᠯᠠᠯ ᠤᠨ ᠬᠤᠷᠢᠶ᠎ᠠ ᠪᠦᠷ ᠦᠳᠳᠡᠷ ᠲᠦᠷᠬᠡᠨ ᠪᠦᠭᠡᠳ ᠤᠨᠤᠴᠠᠳᠠᠢ ᠪᠠᠷ ᠡᠪᠡᠳᠴᠢᠳᠡᠳ ᠲᠤ ᠲᠤᠰᠠᠯᠠᠮᠵᠢ ᠦᠵᠡᠬᠦᠯᠳᠡᠭ ᠬᠡᠵᠡᠢ᠃      ᠬᠤᠶᠠᠷ ᠡᠪᠡᠳᠴᠢᠳᠡᠨ ᠤ ᠬᠦᠷᠬᠡᠭᠰᠡᠨ ᠬᠡᠮᠡᠷᠯᠢᠭ ᠲᠤᠭ ᠨᠢ ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠪᠠ ᠪᠠᠳᠠᠢ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠠᠵᠢᠯ ᠳᠤ ᠬᠦᠢᠴᠡᠳ ᠦᠨᠡᠯᠡᠯᠳᠡ ᠬᠢᠭᠰᠡᠨ ᠪᠦᠭᠡᠳ ᠪᠦᠬᠦ ᠡᠮᠴᠢᠯᠡᠬᠡᠨ ᠤ ᠠᠵᠢᠯᠳᠠᠳ ᠢ ᠮᠠᠬᠳᠠᠨ ᠰᠠᠶᠢᠰᠢᠶᠠᠬᠰᠠᠨ ᠶᠠᠪᠤᠳᠠᠯ ᠪᠤᠯᠤᠨ᠎ᠠ᠃ ᠲᠡᠳᠡ ᠡᠮᠴᠢᠯᠡᠬᠡᠨ ᠤ ᠠᠵᠢᠯᠳᠠᠳ ᠢ ᠰᠢᠯᠢᠳᠡᠭ ᠤᠯᠠᠮᠵᠢᠯᠠᠯ ᠢᠶᠠᠨ ᠦᠷᠬᠦᠯᠵᠢᠯᠡᠨ ᠪᠠᠳᠠᠷᠠᠭᠤᠯᠵᠦ᠂ ᠡᠮᠴᠢᠯᠡᠬᠡᠨ ᠤ ᠦᠢᠯᠡᠴᠢᠯᠡᠬᠡᠨ ᠤ ᠬᠢᠷᠢ ᠲᠦᠪᠰᠢᠨ ᠢᠶᠠᠨ ᠦᠷᠬᠦᠯᠵᠢᠯᠡᠨ ᠲᠡᠭᠡᠭᠰᠢᠯᠡᠬᠦᠯᠵᠦ᠂ ᠤᠯᠠᠨ ᠲᠦᠮᠡᠨ ᠳᠤ ᠨᠡᠩ ᠰᠢᠯᠢᠳᠡᠭ᠂ ᠦᠨᠳᠦᠷ ᠪᠦᠳᠦᠮᠵᠢᠳᠡᠢ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠤ ᠶᠢ ᠵᠤᠷᠢᠬᠵᠢᠭᠤᠯᠤᠬᠰᠠᠨ ᠪᠠᠶᠢᠨ᠎ᠠ᠃ ︵ᠵᠠᠩ ᠴᠤᠤ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号