| | ᠣᠶᠢᠷ᠎ᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 0.25 ᠵᠠᠭᠤᠨ ᠤ ᠬᠤᠪᠢ | ᠳᠤᠷᠤᠬᠰᠢᠯᠠᠭᠤᠯᠤᠬᠰᠠᠨ ᠪᠠᠶᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠠᠴᠠ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠣᠷᠣᠭᠰᠢᠯᠠᠭᠤᠯᠬᠤ ᠬᠠᠮᠢᠶ᠎ᠠ ᠪᠦᠬᠦᠢ | ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ | ᠨᠣᠷᠮ᠎ᠠ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠬᠦ ᠶᠢᠨ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠲᠦᠷᠦ ᠶᠢᠨ | ᠪᠤᠳᠤᠯᠭ᠎ᠠ ᠪᠤᠯᠤᠨ ᠬᠠᠳᠠᠭᠠᠯᠠᠯᠳᠠ ᠶᠢ ᠵᠤᠯᠭᠠᠯᠳᠤᠭᠤᠯᠬᠤ ᠠᠵᠢᠯ ᠢ ᠰᠠᠶᠢᠳᠤᠷ ᠬᠢᠬᠦ ᠬᠡᠷᠡᠭᠳᠡᠢ ᠭᠡᠵᠡᠢ᠃ ᠲᠣᠰ | ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ | ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠤᠷᠤᠬᠰᠢᠯᠠᠭᠤᠯᠤᠬᠰᠠᠨ ᠢ ᠪᠤᠳᠠᠳᠠᠢ ᠬᠡᠷᠬᠢᠨ | ᠬᠡᠷᠡᠭᠵᠢᠬᠦᠯᠬᠦ ᠪᠤᠢ︖ ᠳᠤᠰᠢᠶᠠᠨ ᠬᠠᠳᠠᠭᠠᠯᠠᠭᠤᠯᠤᠬᠴᠢ ᠡᠨᠡ ᠳᠤᠮᠳᠠ ᠠᠴᠠ ᠬᠢᠷᠢ ᠶᠡᠭᠡ ᠠᠰᠢᠬ ᠬᠦᠷᠳᠡᠬᠦ ᠪᠤᠢ︖ | | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ | ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠵᠢᠭᠡᠯᠡᠯᠭᠡ ᠶᠢᠨ ᠬᠦᠦ | ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠬᠡᠪᠴᠢᠶ᠎ᠡ ᠳᠤ ᠰᠢᠨ᠎ᠡ ᠪᠠᠷ ᠲᠠᠯᠪᠢᠭᠰᠠᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ | ᠪᠠᠭᠳᠠᠭᠠᠬᠤ ᠪᠠᠷ ᠪᠠᠷᠠᠬᠤ ᠦᠭᠡᠢ ᠪᠠᠰᠠ ᠬᠠᠳᠠᠭᠠᠯᠠᠮᠵᠢ ᠶᠢᠨ ᠤᠷᠤᠨ ᠰᠠᠭᠤᠴᠠ ᠶᠢᠨ ᠨᠡᠶᠢᠳᠡ ᠶᠢᠨ | ᠬᠤᠷᠠᠮᠳᠤᠭᠤᠯᠭ᠎ᠠ ᠶᠢᠨ ᠮᠦᠩᠬᠦ ᠶᠢᠨ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢ ᠪᠠᠭᠳᠠᠭᠠᠨ᠎ᠠ᠃ | 2024 ᠣᠨ ᠤ 5 ᠰᠠᠷ᠎ᠠ ᠶᠢᠨ 18 ᠤ ᠡᠳᠦᠷ ᠠᠴᠠ ᠡᠮᠦᠨ᠎ᠡ ᠨᠢᠭᠡᠨᠲᠡ ᠳᠠᠯᠪᠢᠬᠰᠠᠨ ᠬᠤᠪᠢ ᠬᠥᠮᠥᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ 2025 ᠣᠨ ᠤ 1 ᠰᠠᠷ᠎ᠠ ᠶᠢᠨ | 1 ᠤ ᠡᠳᠦᠷ ᠠᠴᠠ ᠡᠬᠢᠯᠡᠨ ᠰᠢᠨ᠎ᠡ ᠬᠦᠦ ᠮᠦᠩᠬᠦ ᠶᠢᠨ ᠨᠤᠷᠮ᠎ᠠ ᠶᠢ ᠬᠡᠷᠡᠭᠵᠢᠬᠦᠯᠦᠨ᠎ᠡ᠃ 2024 ᠣᠨ ᠤ 5 | ᠰᠠᠷ᠎ᠠ ᠶᠢᠨ 18 ᠤ ᠡᠳᠦᠷ ︵ᠪᠠᠭᠲᠠᠨ᠎ᠠ︶ ᠠᠴᠠ ᠰᠡᠭᠦᠯᠡᠷ ᠰᠢᠨ᠎ᠡ ᠪᠠᠷ ᠲᠠᠯᠪᠢᠭᠰᠠᠨ ᠬᠤᠪᠢ ᠬᠥᠮᠥᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠲᠣᠬᠢᠷᠠᠭᠤᠯᠤᠯᠲᠠ ᠬᠢᠭᠰᠡᠨ ᠤ | ᠳᠠᠷᠠᠭᠠᠬᠢ ᠰᠢᠨ᠎ᠡ ᠬᠦᠦ ᠮᠥᠩᠭᠦ ᠶᠢᠨ ᠨᠣᠷᠮ᠎ᠠ ᠪᠠᠷ ᠰᠢᠭᠤᠳ ᠬᠡᠷᠡᠭᠵᠢᠭᠦᠯᠦᠨ᠎ᠡ᠃ | ᠣᠶᠢᠯᠠᠭᠠᠭᠰᠠᠨ ᠢᠶᠠᠷ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ 5 ᠵᠢᠯ ᠠᠴᠠ ᠳᠣᠷᠤᠬᠰᠢ ︵5 ᠵᠢᠯ | ᠪᠠᠭᠲᠠᠨ᠎ᠠ︶ ᠪᠠ 5 ᠵᠢᠯ ᠠᠴᠠ ᠳᠡᠭᠡᠭᠰᠢ ᠠᠩᠬᠠᠨ ᠤ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠰ ᠲᠣᠰ 2.35% ᠪᠠ 2. | 85% ᠪᠣᠯᠭᠠᠨ ᠲᠣᠬᠢᠷᠠᠭᠤᠯᠵᠤ᠂ 5 ᠵᠢᠯ ᠠᠴᠠ ᠳᠣᠷᠤᠬᠰᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢ | ᠬᠤᠶᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠰ ᠲᠣᠰ 2.775% ᠪᠠ 3.325% ᠠᠴᠠ ᠳᠣᠣᠷ᠎ᠠ | ᠪᠠᠶᠢᠯᠭᠠᠵᠤ ᠪᠤᠯᠬᠤ ᠦᠭᠡᠢ ᠭᠡᠵᠦ ᠲᠣᠬᠢᠷᠠᠭᠤᠯᠪᠠ᠃ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠣᠷᠣᠭᠰᠢᠯᠠᠭᠤᠯᠬᠤ ᠨᠢ ᠤᠷᠤᠨ ᠰᠠᠭᠤᠴᠠ ᠶᠢᠨ | ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠵᠢᠭᠡᠯᠡᠭᠴᠢ ᠳᠤ ᠰᠢᠭᠤᠳ ᠠᠰᠢᠬ ᠬᠦᠷᠳᠡᠭᠡᠳᠡᠭ᠃ | ᠨᠢᠬᠡᠨ 100 ᠲᠦᠮᠡᠨ ᠲᠦᠭᠦᠷᠢᠭ ᠤᠨ ᠬᠤᠭᠤᠴᠠᠭ᠎ᠠ ᠨᠢ 30 ᠵᠢᠯ ᠤᠨ ᠠᠩᠬᠠᠨ ᠤ ᠢᠵᠢ ᠤᠷᠤᠨ ᠰᠠᠭᠤᠴᠠ ᠶᠢᠨ | ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ | ᠵᠢᠭᠡᠯᠡᠭᠰᠡᠨ ᠢᠶᠠᠷ ᠪᠤᠳᠤᠪᠠᠯ᠂ ᠳᠡᠩᠴᠡᠬᠦᠦ ᠳᠤᠭᠠᠨ ᠤ ᠡᠬᠡ ᠬᠦᠦ ᠮᠦᠩᠬᠦ ᠪᠤᠴᠠᠭᠠᠬᠤ ᠠᠷᠭ᠎ᠠ ᠶᠢ ᠰᠤᠩᠭᠤᠬᠤ ᠪᠠᠷ | ᠵᠢᠱᠢᠪᠡᠯ᠂ ᠰᠠᠷ᠎ᠠ ᠶᠢᠨ ᠪᠤᠴᠠᠭᠠᠬᠤ ᠵᠢᠭᠡᠯᠡᠯᠭᠡ ᠨᠢ 4270.16 ᠲᠦᠭᠦᠷᠢᠭ ᠪᠠᠶᠢᠬᠰᠠᠨ ᠠᠴᠠ ᠪᠠᠨ 4135.57 | ᠲᠦᠭᠦᠷᠢᠭ ᠪᠤᠯᠤᠨ ᠬᠠᠰᠤᠬᠳᠠᠵᠤ᠂ ᠪᠠᠷᠤᠭ 135 ᠲᠦᠭᠦᠷᠢᠭ ᠳᠤᠷᠤᠬᠰᠢᠯᠠᠵᠤ᠂ ᠶᠡᠷᠦᠩᠬᠡᠢ ᠬᠦᠦ ᠮᠦᠩᠬᠦ ᠨᠢ 4. | 85 ᠲᠦᠮᠡᠨ ᠲᠦᠭᠦᠷᠢᠭ ᠪᠠᠭᠠᠰᠬᠤ ᠪᠤᠯᠤᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ | ᠠᠰᠠᠭᠤᠳᠠᠯ ᠢ ᠰᠶᠢᠳᠪᠦᠷᠢᠯᠡᠬᠦ ᠶᠢ ᠠᠬᠢᠭᠤᠯᠪᠠ᠃ 2012 ᠣᠨ ᠠᠴᠠ ᠨᠠᠭᠠᠰᠢ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ | ᠨᠡᠶᠢᠳᠡ 12.9 ᠲᠦᠮᠡᠨ ᠳ᠋ᠦᠩᠰᠢᠭᠤᠷ ᠲᠥᠭᠦᠷᠢᠭ ᠲᠠᠯᠪᠢᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ 2.7 | ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2023 ᠣᠨ ᠳᠤ 7.8 ᠲᠦᠮᠡᠨ ᠳ᠋ᠦᠩᠰᠢᠭᠤᠷ | ᠲᠥᠭᠦᠷᠢᠭ ᠪᠣᠯᠣᠨ ᠨᠡᠮᠡᠭᠳᠡᠵᠦ᠂ 5000 ᠲᠦᠮᠡ ᠰᠢᠬᠠᠮ ᠲᠤᠰᠢᠶᠠᠨ ᠬᠠᠳᠠᠭᠠᠯᠠᠭᠤᠯᠤᠭᠴᠢ ᠶᠢᠨ ᠰᠠᠭᠤᠬᠤ ᠤᠷᠤᠨ | ᠰᠠᠭᠤᠴᠠ ᠲᠠᠢ ᠪᠤᠯᠬᠤ ᠶᠢ ᠪᠡᠶᠡᠯᠡᠭᠦᠯᠬᠦ ᠶᠢ ᠳᠡᠮᠵᠢᠪᠡ᠂ ᠡᠭᠦᠨ ᠳᠤ 80% ᠠᠴᠠ ᠳᠡᠭᠡᠭᠰᠢᠬᠢ ᠨᠢ ᠠᠩᠬᠠᠨ ᠤ ᠢᠵᠢ | ᠣᠷᠣᠨ ᠰᠠᠭᠤᠴᠠ ᠬᠤᠳᠠᠯᠳᠤᠨ ᠠᠪᠤᠬᠰᠠᠳ ᠪᠤᠯᠤᠨ᠎ᠠ᠃ ᠣᠶᠢᠷ᠎ᠠ ᠶᠢᠨ ᠵᠢᠯ ᠤᠳ ᠲᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠵᠢᠯ | ᠳᠠᠷᠠᠭᠠᠯᠠᠨ ᠲᠣᠭᠲᠠᠭᠤᠨ ᠢᠶᠠᠷ ᠨᠡᠮᠡᠭᠳᠡᠵᠦ᠂ 2023 ᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 7% ᠰᠢᠬᠠᠮ | ᠨᠡᠮᠡᠭᠳᠡᠵᠦ᠂ ᠰᠢᠨ᠎ᠡ ᠪᠠᠷ ᠲᠠᠯᠪᠢᠭᠰᠠᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠨ᠂ | ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠬᠡᠷᠡᠭᠯᠡᠭᠡ ᠶᠢ ᠬᠦᠴᠦᠲᠡᠢ ᠳᠡᠮᠵᠢᠭᠰᠡᠡ ᠪᠠᠶᠢᠨ᠎ᠠ᠃ | ︽ᠪᠢᠳᠡ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠠᠮᠢᠶᠠᠷᠤᠯᠲᠠ ᠶᠢᠨ ᠲᠥᠪ ᠢ ᠵᠢᠯᠣᠭᠤᠳᠤᠨ ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ ᠶᠢ ᠵᠠᠯᠭᠠᠯᠳᠤᠭᠤᠯᠬᠤ | ᠠᠵᠢᠯ ᠢ ᠰᠠᠶᠢᠲᠤᠷ ᠬᠢᠵᠦ᠂ ᠲᠤᠰᠢᠶᠠᠨ ᠬᠠᠳᠠᠭᠠᠯᠠᠭᠤᠯᠤᠭᠴᠢ ᠳᠤ ᠴᠠᠬ ᠳᠤᠬᠠᠢ ᠳᠤᠨᠢ ᠲᠥᠷᠥ ᠢᠢᠨ ᠪᠣᠳᠣᠯᠭ᠎ᠠ | ᠶᠢᠨ ᠬᠠᠷᠠᠭᠠᠯᠵᠠᠯ ᠬᠦᠷᠲᠡᠭᠡᠬᠦ ᠶᠢ ᠦᠨᠡᠨ ᠬᠦ ᠪᠠᠲᠤᠯᠠᠨ᠎ᠠ︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠢᠨᠠᠯᠲᠠ ᠬᠠᠮᠢᠶᠠᠷᠤᠯᠳᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠵᠦ ᠪᠠᠶᠢᠯ᠎ᠠ᠃ |