ᠠᠵᠢᠯᠳᠠᠨ ᠤ ᠬᠦᠴᠦᠨ ᠢ ᠨᠢᠭᠳᠠᠷᠠᠭᠤᠯᠵᠦ ᠬᠠᠮᠳᠦ ᠶᠢᠨ ᠢᠵᠢᠯᠢ ᠲᠦᠪᠳᠦ ᠲᠤᠭᠤᠷᠢᠭ ᠢ ᠵᠢᠷᠤᠬᠯᠠᠨ᠎ᠠ
ᠨᠡᠶᠢᠲᠡᠯᠡᠭᠰᠡᠨ ᠴᠠᠭ᠄
2024/5/30
   ᠲᠦᠷᠦᠬᠦᠭᠡᠨ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠡᠷᠬᠢᠯᠡᠭᠰᠡᠨ ︽ᠲᠤᠮᠳᠠᠳᠦ ᠶᠢᠨ ᠬᠦᠰᠡᠯ ᠵᠡᠬᠦᠳᠦ · ᠬᠦᠳᠡᠯᠮᠦᠷᠢᠯᠡᠬᠦ ᠨᠢ ᠰᠠᠶᠢᠬᠠᠨ︾ ᠭᠡᠬᠦ ᠵᠠᠯᠠᠶᠢᠳ ᠬᠤᠰᠢᠭᠤᠨ ᠤ ᠬᠤᠶᠠᠳᠤᠭᠠᠷ ᠬᠤᠭᠤᠴᠠᠭᠠᠨ ᠤ ᠤᠶᠤᠳᠠᠯ ᠤᠨ ᠤᠷ᠎ᠠ ᠮᠡᠷᠭᠡᠵᠢᠯ ᠤᠨ ᠤᠷᠤᠯᠳᠤᠭᠠᠨ ᠲᠡᠭᠡᠷ᠎ᠠ 50 ᠭᠠᠷᠤᠢ ᠤᠷᠤᠯᠴᠠᠭᠰᠡᠳ ᠤᠶᠤᠳᠠᠯ ᠤᠨ ᠤᠷ᠎ᠠ ᠮᠡᠷᠭᠡᠵᠢᠯ ᠢᠶᠠᠨ ᠲᠡᠯᠭᠡᠨ ᠦᠵᠡᠬᠦᠯᠵᠦ᠂ ᠬᠤᠪᠴᠠᠰᠦ ᠬᠢᠬᠦ ᠮᠡᠷᠭᠡᠵᠢᠯ ᠤᠨ ᠠᠵᠢᠯᠴᠢᠨ ᠤ ᠬᠤᠭᠤᠷᠤᠨᠳᠤᠬᠢ ᠰᠤᠷᠤᠯᠴᠠᠯᠭ᠎ᠠ ᠶᠢ ᠠᠬᠢᠭᠤᠯᠵᠦ᠂ ᠤᠷ᠎ᠠ ᠮᠡᠷᠭᠡᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠪᠡ᠃ ᠡᠨᠡ ᠪᠤᠯ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠤᠨ ᠬᠢᠨ ᠠᠵᠢᠯᠳᠠᠨ ᠢ ᠪᠦᠯᠬᠦᠮᠳᠡᠬᠦᠯᠦᠨ ᠲᠠᠭᠠᠭᠤᠯᠵᠦ᠂ ᠴᠢᠨᠠᠷ ᠰᠠᠶᠢᠳᠠᠢ ᠬᠦᠭᠵᠢᠯᠳᠡ ᠶᠢ ᠬᠦᠴᠦᠯᠡᠨ ᠠᠬᠢᠭᠤᠯᠤᠭᠰᠠᠨ ᠲᠤᠬᠠᠢ ᠬᠤᠷᠢᠶᠠᠩᠭᠤᠢ ᠲᠦᠷᠰᠦ ᠪᠤᠯᠤᠨ᠎ᠠ᠃
    ᠤᠢᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠤᠨ ᠬᠢᠨ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠲᠠᠯ᠎ᠠ ᠳᠤ ᠦᠢᠯᠡᠴᠢᠯᠡᠨ᠂ ᠭᠤᠤᠯ ᠠᠵᠢᠯ ᠦᠢᠯᠡᠰ ᠲᠤ ᠠᠩᠬᠠᠷᠤᠯ ᠢᠶᠠᠨ ᠲᠦᠪᠯᠡᠷᠡᠬᠦᠯᠦᠨ᠂ ᠡᠯ᠎ᠡ ᠵᠦᠢᠯ ᠤᠨ ᠠᠵᠢᠯ ᠳᠤ ᠲᠠᠰᠤᠷᠠᠯᠳᠠ ᠦᠭᠡᠢ ᠰᠢᠨ᠎ᠡ ᠠᠮᠵᠢᠯᠳᠠ ᠤᠯᠵᠦ᠂ ᠪᠦᠬᠦ ᠬᠤᠰᠢᠭᠤᠨ ᠤ ᠥᠷᠭᠡᠨ ᠤᠯᠠᠨ ᠠᠵᠢᠯᠴᠢᠳ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ ᠠᠬᠢᠭᠤᠯᠬᠤ ᠬᠦᠴᠦᠨ ᠢ ᠨᠢᠭᠳᠠᠷᠠᠭᠤᠯᠪᠠ᠃     ᠦᠵᠡᠯ ᠰᠠᠨᠠᠭ᠎ᠠ ᠪᠠᠷ ᠬᠦᠲᠦᠯᠦᠨ ᠵᠢᠯᠤᠭᠤᠳᠴᠤ ᠤᠷᠤᠭᠰᠢᠯᠠᠨ ᠳᠠᠪᠰᠢᠬᠤ ᠬᠦᠴᠦᠨ ᠢ ᠨᠢᠭᠳᠠᠷᠠᠭᠤᠯᠪᠠᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠡᠭᠡ ᠵᠤᠬᠢᠶᠠᠯ ᠢ ᠰᠤᠳᠤᠯᠤᠨ ᠤᠩᠰᠢᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠰᠢᠨᠵᠢᠯᠡᠨ ᠪᠠᠶᠢᠴᠠᠭᠠᠯᠳᠠ ᠬᠢᠬᠦ᠂ ᠨᠠᠮ ᠤᠨ ᠰᠢᠨ᠎ᠡ ᠶᠢ ᠡᠬᠦᠳᠬᠦ ᠣᠨᠣᠯ ᠢ ᠬᠤᠪᠢᠷᠠᠭᠤᠯᠤᠨ ᠦᠢᠯᠡᠳᠦᠯᠭᠡᠵᠢᠬᠦᠯᠬᠦ ᠵᠡᠷᠭᠡ ᠰᠤᠷᠤᠯᠴᠠᠯᠭ᠎ᠠ ᠶᠢᠨ ᠠᠵᠢᠯᠯᠠᠭ᠎ᠠ ᠶᠢ ᠶᠠᠪᠤᠭᠳᠠᠭᠤᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠠᠵᠤ ᠠᠬᠤᠶᠢᠯᠠᠯ ᠳᠤ ᠤᠷᠤᠭᠤᠯᠬᠤ᠂ ᠪᠠᠶᠢᠭᠤᠯᠭ᠎ᠠ ᠳᠤ ᠤᠷᠤᠭᠤᠯᠬᠤ᠂ ᠨᠡᠶᠢᠭᠡᠮ ᠲᠤᠭᠤᠷᠢᠭ ᠲᠤ ᠤᠷᠤᠭᠤᠯᠬᠤ ᠶᠢ ᠲᠦᠯᠬᠢᠨ ᠠᠬᠢᠭᠤᠯᠵᠦ᠂ ᠦᠷᠭᠡᠨ ᠤᠯᠠᠨ ᠠᠵᠢᠯᠳᠠᠨ ᠪᠠ ᠠᠵᠢᠯᠴᠢᠨ ᠤ ᠡᠪᠯᠡᠯ ᠤᠨ ᠺᠠᠳ᠋ᠷ ᠠᠵᠢᠯᠳᠠᠨ ᠢ ᠬᠥᠲᠥᠯᠦᠨ ᠵᠢᠯᠣᠭᠤᠳᠴᠤ ᠪᠠᠶᠢᠭᠠᠳ ︽ᠬᠤᠶᠠᠷ ᠢ  ᠲᠤᠭᠲᠠᠭᠠᠭᠰᠠᠨ︾ ᠠᠴᠢ ᠬᠤᠯᠪᠤᠭᠳᠠᠯ ᠢ ᠬᠦᠨᠵᠡᠭᠡᠢ ᠤᠶᠢᠯᠠᠭᠠᠭᠤᠯᠵᠠᠢ︔ ᠠᠵᠢᠯᠴᠢᠨ ᠤᠯᠠᠨ ᠲᠦᠮᠡᠨ ᠢ ᠦᠵᠡᠯ ᠰᠠᠨᠠᠭ᠎ᠠ ᠤᠯᠤᠰ ᠲᠦᠷᠦ ᠪᠠᠷ ᠬᠦᠳᠦᠯᠦᠨ ᠲᠠᠭᠠᠭᠤᠯᠬᠤ ᠪᠠᠶᠢᠭᠤᠯᠤᠯᠳᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ︽ᠠᠵᠢᠯᠴᠢᠨ ᠤ ᠡᠪᠯᠡᠯ ᠲᠦᠷᠪᠡ ᠶᠢ ᠲᠠᠶᠢᠯᠪᠤᠷᠢᠯᠠᠬᠤ︾᠂ ︽ᠨᠠᠮ ᠤᠨ ᠡᠬᠦᠷ ᠤᠨ ᠱᠦᠵᠢ ᠨᠠᠮ ᠤᠨ ᠠᠴᠢ ᠶᠢ ᠲᠠᠶᠢᠯᠪᠤᠷᠢᠯᠠᠬᠤ︾᠂ ︽ᠲᠤᠬᠠᠶᠢᠯᠠᠭᠰᠠᠨ ᠠᠵᠢᠯ ᠤᠨ ᠺᠠᠳ᠋ᠷ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ︾ ᠵᠡᠷᠭᠡ ᠤᠯᠠᠨ ᠶᠠᠩᠵᠦ ᠶᠢᠨ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠨ᠂ ᠬᠦᠰᠡᠯᠡᠩ ᠢᠳᠡᠭᠡᠯ ᠪᠢᠰᠢᠷᠡᠯ ᠪᠠ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠬᠦᠮᠦᠵᠢᠯ ᠢ ᠥᠷᠭᠡᠨ ᠢᠶᠠᠷ ᠥᠷᠨᠢᠭᠦᠯᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠢᠴᠢ ︽ᠲᠤᠮᠳᠠᠳᠦ ᠶᠢᠨ ᠬᠦᠰᠡᠯ ᠵᠡᠭᠦᠳᠦ · ᠬᠦᠳᠡᠯᠮᠦᠷᠢᠯᠡᠬᠦ ᠨᠢ ᠰᠠᠶᠢᠬᠠᠨ︾ ᠭᠡᠬᠦ ᠭᠤᠤᠯ ᠰᠡᠳᠦᠪᠳᠦ ᠤᠬᠠᠭᠤᠯᠭ᠎ᠠ ᠬᠦᠮᠦᠵᠢᠯ ᠢ ᠢᠳᠡᠪᠬᠢᠳᠡᠢ ᠵᠣᠬᠢᠶᠠᠨ ᠪᠠᠶᠢᠭᠤᠯᠵᠤ᠂ ᠬᠠᠮᠲᠤᠪᠠᠷ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃     ᠡᠭᠦᠨ ᠤ ᠬᠠᠮᠲᠤ᠂ ︽ᠳᠤᠮᠳᠠᠳᠤ ᠶᠢᠨ ᠵᠡᠭᠦᠳᠦ · ᠬᠥᠳᠡᠯᠮᠦᠷᠢᠯᠡᠬᠦ ᠨᠢ ᠰᠠᠶᠢᠬᠠᠨ — ᠰᠡᠳᠭᠢᠯ ᠢ ᠨᠢᠭᠳᠠᠷᠠᠭᠤᠯᠤᠨ ᠰᠦᠭ ᠰᠦᠨᠡᠰᠦ ᠶᠢ ᠱᠤᠭᠤᠵᠤ᠂ ᠰᠢᠨ᠎ᠡ ᠠᠶᠠᠨ ᠳᠤ ᠨᠠᠮ ᠢᠶᠠᠨ ᠳᠠᠭᠠᠵᠤ ᠪᠦᠯᠬᠦᠮᠳᠡᠨ ᠲᠡᠮᠡᠴᠡᠶ᠎ᠡ︾ ᠭᠡᠬᠦ ᠦᠨᠳᠦᠰᠦᠨ ᠱᠠᠲᠤ ᠪᠠᠷ ᠬᠦᠨᠵᠡᠭᠡᠶᠢᠷᠡᠨ ᠲᠣᠬᠤᠨᠢᠭᠤᠯᠬᠤ ᠲᠣᠭᠯᠠᠯᠲᠠ᠂ ︽ᠳᠤᠮᠳᠠᠳᠤ ᠶᠢᠨ ᠬᠦᠰᠡᠯ ᠵᠡᠭᠦᠳᠦ · ᠬᠥᠳᠡᠯᠮᠦᠷᠢᠯᠡᠬᠦ ᠨᠢ ᠰᠠᠶᠢᠬᠠᠨ︾ ᠭᠡᠬᠦ ᠠᠵᠢᠯᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠤᠯᠠᠨ ᠠᠷᠪᠢᠨ ᠠᠵᠢᠯᠯᠠᠭ᠎ᠠ ᠶᠠᠪᠤᠭᠳᠠᠭᠤᠯᠵᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠢᠳᠡᠪᠬᠢᠳᠡᠢ ᠦᠢᠯᠡᠳᠦᠯ ᠦᠵᠡᠬᠦᠯᠪᠡ᠃ ︽ᠬᠥᠳᠡᠯᠮᠦᠷᠢ ᠶᠢᠨ ᠵᠢᠱᠢᠶᠡᠴᠢ ᠠᠴᠠ ᠮᠡᠷᠭᠡᠵᠢᠯ ᠬᠦᠷᠭᠡᠬᠦ︾ ᠲᠦᠷᠦᠯ ᠵᠦᠢᠯ ᠢ ᠥᠷᠨᠢᠭᠦᠯᠬᠦ ᠪᠠᠷ ᠳᠠᠮᠵᠢᠭᠤᠯᠵᠤ᠂ ᠰᠢᠨ ᠯᠢᠨ ᠪᠠᠯᠭᠠᠰᠤ ᠶᠢᠨ ᠾᠧᠨᠠᠨ ᠲᠣᠰᠬᠤᠨ᠂ ᠬᠠᠨ ᠾᠧ ᠨᠡᠶᠢᠭᠡᠮ ᠲᠣᠭᠤᠷᠢᠭ ᠢᠶᠠᠷ ᠬᠦᠨᠵᠡᠭᠡᠶᠢᠷᠡᠨ᠂ ︽ᠬᠦᠳᠡᠯᠮᠦᠷᠢ ᠶᠢᠨ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠯᠳᠠ︾ ᠶᠢᠨ ᠠᠵᠢᠯᠯᠠᠭ᠎ᠠ ᠶᠠᠪᠤᠭᠳᠠᠭᠤᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠠᠵᠢᠯᠳᠠᠨ ᠤ ᠳᠤᠮᠳᠠ ᠲᠦᠭᠡᠮᠡᠯᠵᠢᠬᠦ ᠶᠢ ᠠᠬᠢᠭᠤᠯᠪᠠ᠃
     ᠴᠢᠩ ᠰᠡᠳᠭᠢᠯ ᠠᠴᠠ ᠪᠠᠨ ᠦᠢᠯᠡᠴᠢᠯᠡᠵᠦ ᠠᠵᠢᠯᠴᠢᠨ ᠤ ᠵᠣᠪᠠᠨᠢᠯ ᠢ ᠰᠢᠢᠳᠪᠦᠷᠢᠯᠡᠪᠡ︽ᠤᠷᠢᠬᠠᠨ ᠰᠠᠯᠬᠢ ᠠᠵᠢᠯᠯᠠᠭ᠎ᠠ︾ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠲᠤᠰᠬᠠᠶ ᠦᠢᠯᠡᠴᠢᠯᠡᠭᠡᠨ ᠤ ᠠᠵᠢᠯᠯᠠᠭ᠎ᠠ ᠨᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠬᠢᠭᠡᠳ ᠠᠵᠢᠯᠳᠠᠨ ᠤ ᠠᠵᠢᠯ ᠡᠷᠢᠬᠦ ᠬᠦᠰᠡᠯ ᠡᠷᠡᠮᠡᠯᠵᠡᠯ ᠤᠨ ᠬᠥᠭᠦᠷᠭᠡ ᠶᠢᠨ ᠬᠤᠯᠪᠤᠭᠠᠰᠦ ᠶᠢ ᠪᠠᠶᠢᠭᠤᠯᠪᠠ︔ ︽ᠠᠯᠳᠠᠨ ᠨᠠᠮᠤᠷ ᠤᠨ ᠰᠤᠷᠤᠯᠴᠠᠯᠭ᠎ᠠ ᠶᠢ ᠲᠡᠳᠬᠦᠬᠦ︾ ᠠᠵᠢᠯᠯᠠᠭ᠎ᠠ ᠨᠢ ᠬᠦᠴᠢᠷᠳᠡᠯᠲᠡᠶ ᠠᠵᠢᠯᠴᠢᠨ ᠤ ᠬᠡᠷ ᠪᠦᠯᠢ ᠶᠢ ᠬᠠᠪᠰᠤᠷᠤᠨ ᠲᠡᠳᠬᠦᠵᠦ᠂ ᠲᠡᠳᠡᠨ ᠢ ᠵᠤᠯ ᠵᠢᠷᠭᠠᠯᠳᠦ ᠠᠮᠢᠳᠤᠷᠠᠯ ᠢ ᠬᠦᠭᠡᠭᠡᠴᠡᠯᠳᠦᠬᠦ ᠢᠳᠡᠭᠡᠯ ᠵᠤᠷᠢᠭ ᠢ ᠤᠯᠠᠮ ᠢᠶᠠᠷ ᠨᠡᠮᠡᠭᠳᠡᠬᠦᠯᠪᠡ ᠁ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠠᠵᠢᠯᠴᠢᠨ ᠤ ᠬᠡᠷᠡᠭᠴᠡᠭᠡ ᠪᠠᠷ ᠤᠳᠤᠷᠢᠳᠤᠮᠵᠢ ᠪᠤᠯᠭᠠᠵᠦ᠂ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠵᠢᠯᠳᠠᠨ ᠤ ᠪᠠᠴᠢᠮᠳᠠᠵᠦ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠶᠢᠳᠪᠦᠷᠢᠯᠡᠵᠦ᠂ ᠠᠵᠢᠯᠳᠠᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ ᠪᠤᠯᠤᠨ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠪᠡ᠃     ᠣᠲᠣ ᠪᠣᠯᠲᠠᠯ᠎ᠠ ︽ᠬᠠᠪᠤᠷ ᠲᠤ ᠠᠵᠢᠯ ᠤᠨ ᠪᠠᠶᠢᠷᠢ ᠬᠦᠷᠭᠡᠬᠦ︾᠂ ︽ᠠᠵᠢᠯᠴᠢᠨ ᠤ ᠡᠪᠯᠡᠯ ᠤᠨ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠂ ︽ᠤᠷᠢᠬᠠᠨ ᠰᠠᠯᠬᠢ ᠠᠵᠢᠯᠯᠠᠭ᠎ᠠ︾ ᠵᠡᠷᠭᠡ ᠠᠵᠢᠯᠯᠠᠭ᠎ᠠ ᠥᠷᠨᠢᠭᠦᠯᠵᠦ ᠂ ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠠᠵᠢᠯ ᠠᠯᠳᠠᠭᠰᠠᠳ᠂ ᠶᠡᠭᠡ ᠳᠡᠭᠡᠳᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠳ᠂ ᠬᠥᠯᠥᠰᠥᠨ ᠠᠵᠢᠯᠴᠢᠨ ᠳᠤ 2000 ᠭᠠᠷᠤᠶ ᠠᠵᠢᠯ ᠤᠨ ᠪᠠᠶᠢᠷᠢ ᠬᠠᠩᠭᠠᠪᠠ᠃    2023 ᠣᠨ ᠳᠤ᠂ ᠨᠡᠶᠢᠲᠡ 201 ᠠᠵᠤ ᠠᠬᠤᠶᠢᠯᠠᠯ ᠨᠢ ᠠᠵᠢᠯ ᠤᠨ ᠪᠠᠶᠢᠷᠢ ᠳᠤ ᠪᠠᠶᠢᠭ᠎ᠠ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠶᠢᠨ ᠲᠦᠯᠦᠪᠯᠡᠭᠡ ᠳᠤ ᠤᠷᠤᠵᠦ᠂ ᠠᠵᠢᠯᠴᠢᠨ ᠤ ᠶᠡᠷᠦᠩᠭᠡᠢ ᠡᠪᠯᠡᠯ ᠳᠤ ᠤᠷᠤᠭᠰᠠᠨ ᠬᠦᠮᠦᠨ ᠤ ᠲᠤᠭ᠎ᠠ 12887 ᠪᠤᠯᠪᠠ᠃ ᠨᠡᠶᠢᠲᠡ 3678 ᠬᠥᠮᠦᠨ ᠤᠳᠠᠭ᠎ᠠ ᠭᠤᠶᠤᠴᠢᠯᠠᠯ ᠢᠶᠠᠨ ᠳᠤᠷᠠᠳᠴᠤ᠂ ᠨᠥᠬᠦᠪᠥᠷᠢ ᠶᠢᠨ ᠶᠡᠷᠦᠩᠬᠡᠶ ᠲᠤᠭ᠎ᠠ 516 ᠲᠦᠮᠡᠨ ᠲᠥᠭᠦᠷᠢᠭ ᠢ ᠳᠠᠪᠠᠵᠤ᠂ ᠬᠠᠮᠤᠭ ᠤᠨ ᠦᠨᠳᠦᠷ ᠲᠡᠭᠡᠨ 56.5 ᠲᠦᠮᠡᠨ ᠲᠥᠭᠦᠷᠢᠭ ᠤᠨ ᠨᠥᠬᠦᠪᠥᠷᠢ ᠬᠦᠷᠳᠡᠭᠡᠵᠡᠢ᠃      ᠡᠭᠦᠨ ᠤ ᠬᠠᠮᠲᠤ᠂ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠭᠤᠤᠯᠳᠠᠯᠭ᠎ᠠ ᠶᠢ ᠠᠳᠬᠤᠬᠤ᠂ ᠬᠦᠴᠢᠷ ᠠᠰᠠᠭᠤᠳᠠᠯ ᠢ ᠰᠶᠢᠳᠪᠦᠷᠢᠯᠡᠬᠦ ᠲᠡᠭᠡᠷ᠎ᠠ ᠬᠦᠴᠦ ᠲᠠᠯᠪᠢᠵᠦ᠂ ︽ᠰᠢᠬᠦᠬᠦ ᠬᠤᠷᠢᠶ᠎ᠠ + ᠠᠵᠢᠯᠴᠢᠨ ᠤ ᠡᠪᠯᠡᠯ︾ ᠤᠨ ᠲᠤᠭᠳᠠᠴᠠ ᠶᠢ ᠲᠠᠰᠤᠷᠠᠯᠳᠠ ᠦᠭᠡᠢ ᠲᠡᠬᠦᠯᠳᠡᠷᠵᠢᠬᠦᠯᠪᠡ᠃ ᠴᠠᠯᠢᠩ ᠦᠷᠢᠳᠦᠭᠰᠡᠨ ᠬᠡᠷᠡᠭ ᠪᠠ ᠬᠦᠳᠡᠯᠮᠦᠷᠢ ᠶᠢᠨ ᠮᠠᠷᠭᠤᠯᠳᠤᠭᠠᠨ ᠤ ᠭᠡᠷᠡᠭ ᠲᠤ ᠲᠤᠰᠠᠯᠠᠮᠵᠢ ᠬᠢᠵᠦ ᠲᠡᠶᠢᠯᠬᠦ ᠶᠢ ᠨᠢ ᠴᠢᠳᠠᠬᠤ ᠶᠢᠨ ᠬᠢᠷᠢ ᠪᠠᠷ ᠬᠢᠵᠦ᠂ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠪᠠ︔ ︽ᠠᠵᠢᠯᠴᠢᠨ ᠤ ᠡᠪᠯᠡᠯ ᠠᠴᠠ ᠡᠷᠡᠭᠦᠯ ᠮᠡᠨᠳᠦ ᠬᠦᠷᠭᠡᠬᠦ︾ ᠠᠯᠪᠠᠨ ᠵᠢᠷᠤᠮ ᠤᠨ ᠡᠮᠴᠢᠯᠡᠭᠡᠨ ᠤ ᠰᠢᠷᠢᠰ ᠠᠵᠢᠯᠯᠠᠭ᠎ᠠ ᠶᠢ ᠥᠷᠨᠢᠭᠦᠯᠵᠦ᠂ 3000 ᠭᠠᠷᠤᠶ ᠬᠥᠮᠦᠨ ᠳᠤ ᠡᠮᠴᠢᠯᠡᠭᠡᠨ ᠤ ᠦᠢᠯᠡᠴᠢᠯᠡᠭᠡ ᠬᠠᠩᠭᠠᠪᠠ︔ ᠡᠮᠡᠭᠲᠡᠶ ᠠᠵᠢᠯᠴᠢᠨ ᠳᠤ ︽ᠬᠤᠶᠠᠷ ᠥᠮᠡᠨ︾ ᠢ ᠪᠠᠶᠢᠴᠠᠭᠠᠬᠤ ᠦᠢᠯᠡᠴᠢᠯᠡᠭᠡ ᠵᠢᠴᠢ ᠪᠤᠰᠤᠳ ᠦᠢᠯᠡᠴᠢᠯᠡᠭᠡ ᠶᠢ ᠴᠢᠨᠠᠷ ᠰᠠᠶᠢᠳᠠᠢ ᠬᠠᠩᠭᠠᠪᠠ᠃
     ᠵᠤᠬᠢᠶᠠᠨ ᠪᠠᠶᠢᠭᠤᠯᠤᠯᠳᠠ ᠶᠢ ᠴᠢᠩᠭᠠᠳᠬᠠᠨ ᠦᠨᠳᠦᠰᠦᠨ ᠱᠠᠳᠤᠨ ᠤ ᠰᠠᠭᠤᠷᠢ ᠶᠢ ᠪᠠᠬᠢᠵᠢᠬᠦᠯᠪᠡᠠᠵᠢᠯᠴᠢᠨ ᠤ ᠡᠪᠯᠡᠯ ᠤᠨ ᠬᠢᠨ ᠶᠡᠭᠡ ᠲᠠᠯ᠎ᠠ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠪᠦᠳᠦᠮᠵᠢᠳᠡᠢ ᠪᠠᠳᠠᠷᠠᠭᠤᠯᠵᠦ ᠴᠢᠳᠠᠬᠤ ᠡᠰᠡᠬᠦ ᠨᠢ ᠵᠤᠬᠢᠶᠠᠨ ᠪᠠᠶᠢᠭᠤᠯᠤᠯᠳᠠ ᠶᠢᠨ ᠬᠦᠴᠦᠨ ᠢᠶᠠᠷ ᠲᠣᠭᠲᠠᠭᠠᠭᠳᠠᠨ᠎ᠠ᠃ ᠠᠵᠢᠯᠴᠢᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠬᠦᠷᠦᠯᠴᠡᠬᠦ ᠦᠭᠡᠢ ᠪᠠᠶᠢᠳᠠᠯ ᠢ ᠦᠨᠳᠦᠰᠦᠯᠡᠨ᠂ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠠᠵᠢᠯᠴᠢᠨ ᠤ ᠰᠣᠶᠣᠯ ᠤᠨ ᠣᠷᠳᠣᠨ ᠢ 1 ᠦᠭᠡᠷᠡᠴᠢᠯᠡᠨ ᠪᠠᠶᠢᠭᠤᠯᠤᠭᠰᠠᠨ ᠪᠥᠭᠡᠳ 8 ︽︿ᠠᠨᠠᠷ ᠤᠨ ᠦᠷ᠎ᠡ﹀ ᠶᠢᠨ ᠠᠵᠢᠯᠴᠢᠨ ᠤ ᠦᠢᠯᠡᠴᠢᠯᠡᠭᠡᠨ ᠤ ᠥᠷᠲᠡᠭᠡ︾ ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠪᠠ᠃ ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠡᠭᠦᠷᠭᠡ ᠴᠢᠳᠠᠪᠬᠢ ᠪᠠᠨ ᠦᠷᠭᠦᠯᠵᠢᠯᠡᠨ ᠪᠠᠶᠠᠯᠢᠭᠵᠢᠭᠤᠯᠵᠤ᠂ ᠠᠵᠢᠯᠴᠢᠨ ᠤ ᠨᠣᠮ ᠤᠨ ᠥᠷᠥᠭᠡ᠂ ᠪᠡᠶ᠎ᠡ ᠴᠢᠭᠢᠷᠠᠭᠵᠢᠭᠤᠯᠬᠤ ᠬᠡᠷ᠂ ᠠᠵᠢᠯᠴᠢᠨ ᠠᠵᠢᠯᠯᠠᠭᠠᠨ ᠤ ᠲᠥᠪ ᠪᠠ ᠪᠡᠶ᠎ᠠ ᠴᠢᠬᠢᠷᠠᠬᠵᠢᠭᠤᠯᠬᠤ ᠬᠡᠷ ᠵᠡᠷᠭᠡ ᠶᠢ ᠪᠠᠶᠢᠭᠤᠯᠵᠦ᠂ ᠥᠷᠭᠡᠨ ᠣᠯᠠᠨ ᠠᠵᠢᠯᠴᠢᠨ ᠳᠤ ᠳᠥᠭᠦᠮ ᠳᠥᠲᠡ ᠠᠵᠢᠯᠯᠠᠭᠠᠨ ᠤ ᠲᠠᠯᠠᠪᠤᠷ ᠬᠠᠩᠭᠠᠵᠤ᠂ ᠪᠥᠬᠦ ᠬᠤᠰᠢᠭᠤᠨ ᠤ ᠠᠵᠢᠯᠴᠢᠨ ᠤ ᠰᠣᠶᠣᠯ ᠤᠷᠠᠯᠢᠭ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠲᠦᠢᠯ ᠤᠨ ᠲᠦᠬᠦᠮ ᠦᠵᠡᠬᠦᠯᠪᠡ᠃     ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠠᠰᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠡᠪᠯᠡᠯ ᠳᠤ ᠣᠷᠣᠬᠤ ᠠᠷᠭ᠎ᠠ ᠬᠡᠯᠪᠡᠷᠢ᠂ ᠠᠵᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠦᠢᠯᠡᠳᠦᠯᠭᠡ ᠬᠢᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠵᠤ᠂ ᠠᠵᠢᠯ ᠲᠦᠷᠦᠯ ᠤᠨ ᠴᠢᠨᠠᠷᠲᠠᠢ ᠬᠠᠮᠲᠤᠷᠠᠭᠰᠠᠨ ᠠᠵᠢᠯᠴᠢᠨ ᠤ ᠡᠪᠯᠡᠯ ᠪᠠ ᠣᠷᠣᠨ ᠪᠦᠰᠡ ᠶᠢᠨ ᠴᠢᠨᠠᠷᠲᠠᠢ ᠬᠤᠯᠪᠤᠭᠠᠳᠦ ᠠᠵᠢᠯᠴᠢᠨ ᠤ ᠡᠪᠯᠡᠯ ᠢ ᠪᠠᠶᠢᠭᠤᠯᠵᠤ᠂ ᠰᠢᠨ᠎ᠡ ᠡᠵᠡᠩᠨᠡᠯᠳᠡ ᠶᠢᠨ ᠬᠡᠯᠪᠡᠷᠢ ᠶᠢᠨ ᠬᠦᠮᠦᠰ᠂ ᠬᠦᠯᠦᠰᠦᠨ ᠠᠵᠢᠯᠴᠢᠨ ᠵᠡᠷᠭᠡ ᠬᠦᠳᠡᠯᠮᠦᠷᠢᠴᠢᠨ ᠢ ᠲᠠᠳᠠᠪᠠ᠃ ᠣᠳᠣᠬᠠᠨ ᠳᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠡᠶᠢᠲᠡ 290 ᠪᠠᠶᠢᠵᠤ᠂ ᠭᠡᠰᠢᠭᠦᠨ ᠤ ᠲᠤᠭ᠎ᠠ 17286 ᠬᠦᠷᠪᠡ᠃ ︽ᠤᠮᠠᠷᠠᠳᠤ ᠶᠢᠨ ᠠᠵᠢᠯᠴᠢᠨ ᠤ ᠡᠪᠯᠡᠯ︾ APP ᠪᠠᠷ ᠳᠠᠩᠰᠠᠯᠠᠬᠤ ᠪᠠᠷ ᠳᠠᠮᠵᠢᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ 632 ᠬᠥᠳᠡᠯᠮᠦᠷᠢᠴᠢᠳ ᠤᠨ ᠰᠦᠯᠵᠢᠶᠡᠨ ᠳᠡᠭᠡᠷ᠎ᠡ ᠠᠵᠢᠯᠴᠢᠨ ᠤ ᠡᠪᠯᠡᠯ ᠳᠤ ᠤᠷᠤᠬᠤ ᠶᠢ ᠪᠡᠶᠡᠯᠡᠬᠦᠯᠵᠦ᠂ ᠭᠡᠷᠡᠴᠢᠯᠡᠯᠳᠡ ᠬᠢᠭᠰᠡᠨ ᠭᠡᠰᠢᠬᠦᠨ 11411 ᠳᠤ ᠬᠦᠷᠴᠦ᠂ ᠭᠡᠷᠡᠴᠢᠯᠡᠯᠳᠡ ᠬᠢᠭᠰᠡᠨ ᠨᠣᠷᠮ᠎ᠠ 66% ᠳᠤ ᠬᠥᠷᠪᠡ᠃ ᠵᠠᠬᠢᠶᠠᠯᠠᠭ᠎ᠠ ᠶᠢᠨ ᠬᠤᠭᠤᠯᠠ᠂ ᠲᠦᠷᠭᠡᠨ ᠬᠦᠷᠭᠡᠯᠲᠡ ᠵᠡᠷᠭᠡ ᠰᠢᠨ᠎ᠡ ᠬᠡᠯᠪᠡᠷᠢ ᠶᠢᠨ ᠠᠵᠢᠯ ᠣᠯᠤᠭᠰᠠᠨ ᠬᠥᠳᠡᠯᠮᠦᠷᠢᠴᠢᠳ ᠤᠨ ᠳᠤᠮᠳᠠ ᠭᠦᠨᠵᠡᠭᠡᠶᠢᠷᠡᠨ ᠰᠢᠨᠵᠢᠯᠡᠨ ᠪᠠᠶᠢᠴᠠᠭᠠᠯᠳᠠ ᠬᠢᠵᠦ᠂ ᠪᠥᠬᠦ ᠵᠢᠯ ᠳᠤ ᠨᠡᠶᠢᠲᠡ 2046 ᠵᠢᠵᠢᠭ ᠠᠵᠤ ᠠᠬᠤᠶᠢᠯᠠᠯ ᠢ ᠭᠥᠯᠢᠶᠡᠨ ᠠᠪᠴᠤ ᠡᠪᠯᠡᠯ ᠳᠤ ᠣᠷᠣᠭᠤᠯᠪᠠ᠃       2023 ᠣᠨ ᠳᠤ᠂ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︽ᠪᠥᠬᠦ ᠤᠯᠤᠰ ᠤᠨ ᠠᠵᠢᠯᠴᠢᠨ ᠤ ᠡᠪᠯᠡᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠳᠡ︾ ᠶᠢᠨ ᠢᠷᠠᠭᠤ ᠠᠯᠳᠠᠷ ᠢ ᠬᠦᠷᠳᠡᠵᠦ᠂ ᠭᠤᠷᠪᠠᠨ ᠵᠢᠯ ᠳᠠᠷᠠᠭᠠᠯᠠᠨ ︽ᠥᠪᠥᠷ ᠮᠣᠩᠭᠤᠯ ᠤᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢᠨ ᠲᠡᠷᠢᠭᠦᠨ ᠤ ᠨᠢᠭᠡᠴᠢ︾ ᠵᠡᠷᠭᠡ ᠮᠠᠰᠢ ᠣᠯᠠᠨ ᠢᠷᠠᠭᠤ ᠠᠯᠳᠠᠷ ᠢ ᠭᠥᠷᠳᠡᠪᠡ᠃ ︽ᠡᠨᠡ ᠵᠢᠯ᠂ ᠪᠢᠳᠡ ᠦᠢᠯᠡᠴᠢᠯᠡᠭᠡᠨ ᠤ ᠲᠥᠪ ᠲᠤ ᠠᠭᠤᠰᠤᠯᠴᠠᠬᠤ ᠪᠠᠷ ᠬᠦᠴᠦᠯᠡᠨ ᠴᠢᠷᠮᠠᠶᠢᠵᠤ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︿559﹀ ᠠᠵᠢᠯ ᠤᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯ ᠤᠨ ᠱᠠᠭᠠᠷᠳᠠᠯᠭ᠎ᠠ ᠳᠤ ᠰᠠᠭᠤᠷᠢᠯᠠᠵᠤ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤ   ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠠᠵᠢᠯᠳᠠᠨ ᠲᠦᠮᠡᠨ ᠲᠠᠢ ᠨᠢᠭᠳᠠ ᠬᠠᠷᠢᠯᠴᠠᠬᠤ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠬᠤᠶᠠᠷ ᠶᠡᠭᠡ ᠶᠠᠪᠤᠳᠠᠯ ᠪᠣᠯᠤᠨ ︿ᠵᠢᠷᠭᠤᠭᠠᠨ ᠢᠨᠵᠧᠨᠧᠷᠢᠩ﹀ ᠳᠤ ᠦᠢᠯᠡᠴᠢᠯᠡᠬᠦ ᠳᠤᠮᠳᠠ ᠠᠵᠢᠯᠴᠢᠨ ᠤ ᠡᠪᠯᠡᠯ ᠤᠨ ᠪᠠᠶᠢᠭᠤᠯᠤᠯᠳᠠ ᠶᠢᠨ ᠡᠬᠦᠷᠭᠡᠯᠡᠯ ᠢ ᠢᠯᠡᠷᠡᠬᠦᠯᠦᠨ᠎ᠡ︾ ᠭᠡᠵᠦ ᠵᠠᠯᠠᠶᠢᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠶᠢᠨ ᠶᠠᠨ ᠢᠯᠡᠷᠭᠡᠶᠢᠯᠡᠨ᠎ᠠ᠃                  ᠪᠠᠢ ᠢᠤᠢ ᠯᠢᠶᠠᠩ   ᠦᠷᠡᠴᠡᠴᠡᠭ    ᠵᠠᠩ ᠸᠧᠨ ᠰᠢᠩ  ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号