ᠵᠠᠯᠠᠶᠢᠳ ᠬᠤᠰᠢᠭᠤ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠨᠠᠩ ᠰᠠᠶᠢᠲᠤᠷ ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2024/5/30
    ᠤᠶᠢᠷ᠎ᠠ ᠳᠤ᠂ ᠵᠠᠯᠠᠶᠢᠳ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠬᠠᠷᠢᠶ᠎ᠠ ᠤᠷᠤᠨ ᠤ ᠪᠠᠨ ᠰᠤᠷᠭᠠᠭᠤᠯᠢ ᠶᠢᠨ ᠬᠦᠷᠢᠶᠡᠨ ᠤ ᠤᠶᠢᠷ᠎ᠠ ᠬᠠᠪᠢ ᠶᠢᠨ ᠰᠣᠶᠣᠯ ᠤᠨ ᠵᠠᠬ᠎ᠠ ᠳᠡᠯᠭᠡᠭᠦᠷ ᠲᠤ ᠲᠤᠰᠬᠠᠶ ᠪᠠᠶᠢᠴᠠᠭᠠᠯᠲᠠ ᠬᠢᠪᠡ᠃    ᠲᠤᠰ ᠤᠳᠠᠭᠠᠨ ᠤ ᠪᠠᠶᠢᠴᠠᠭᠠᠯᠳᠠ ᠳᠤ᠂ ᠬᠠᠤᠯᠢ ᠬᠡᠷᠡᠭᠵᠢᠭᠦᠯᠦᠭᠴᠢ ᠨᠠᠷ ᠤᠷᠢᠳ ᠬᠤᠵᠢᠳ ᠬᠠᠷᠢᠶ᠎ᠠ ᠤᠷᠤᠨ  ᠤ ᠪᠠᠨ ᠰᠤᠷᠭᠠᠭᠤᠯᠢ ᠶᠢᠨ ᠣᠶᠢᠷ᠎ᠠ ᠬᠠᠪᠢ ᠶᠢᠨ ᠨᠣᠮ ᠤᠨ ᠳᠡᠯᠭᠡᠭᠦᠷ᠂ ᠰᠦᠯᠵᠢᠶᠡᠨ ᠤ ᠪᠠᠭᠠᠷ ᠵᠡᠷᠭᠡ ᠪᠠᠷ ᠬᠦᠷᠴᠦ᠂ ᠰᠦᠯᠵᠢᠶᠡᠨ ᠤ ᠪᠠᠭᠠᠷ ᠤᠨ ᠨᠠᠰᠤᠨ ᠳᠤ ᠥᠯᠥ ᠭᠦᠷᠦᠭᠰᠡᠳ ᠢ ᠬᠦᠯᠢᠶᠡᠨ ᠠᠪᠴᠣ ᠪᠠᠶᠢᠭ᠎ᠠ ᠡᠰᠡᠬᠦ᠂ ᠨᠣᠮ ᠤᠨ ᠳᠡᠯᠭᠡᠭᠦᠷ ᠲᠤ ᠬᠠᠤᠯᠢ ᠪᠤᠰᠤ ᠬᠡᠪᠯᠡᠭᠳᠡᠭᠦᠨ ᠪᠠᠶᠢᠬᠤ ᠡᠰᠡᠬᠦ᠂ ᠬᠦᠮᠦᠨ ᠬᠠᠷ᠎ᠠ ᠤᠯᠠᠨ  ᠴᠣᠭᠯᠠᠷᠠᠬᠤ ᠲᠠᠯᠠᠪᠤᠷ ᠤᠨ ᠭᠠᠯ ᠰᠡᠷᠭᠡᠶᠢᠯᠡᠵᠤ ᠤᠨᠲᠠᠷᠠᠭᠠᠬᠤ ᠲᠥᠬᠦᠭᠡᠷᠦᠮᠵᠢ ᠪᠦᠷᠢᠨ ᠪᠦᠳᠦᠨ ᠪᠠᠶᠢᠬᠤ ᠡᠰᠡᠬᠦ ᠵᠡᠷᠭᠡ ᠶᠢ ᠪᠠᠶᠢᠴᠠᠭᠠᠬᠤ ᠶᠢᠨ ᠬᠠᠮᠳᠦ ᠬᠠᠮᠢᠶ᠎ᠠ ᠪᠦᠬᠦᠢ ᠬᠠᠷᠢᠭᠤᠴᠠᠯᠭᠠᠳᠠᠨ ᠳᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠦᠨᠳᠦᠰᠦᠨ ᠮᠡᠳᠡᠯᠭᠡ ᠶᠢ ᠲᠤᠬᠠᠢ ᠶᠢᠨ ᠲᠠᠯᠠᠪᠤᠷ ᠲᠤ ᠰᠠᠶᠢᠳᠦᠷ ᠤᠬᠠᠭᠤᠯᠵᠠᠢ᠃     ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠨ᠂ ᠬᠠᠷᠢᠶ᠎ᠠ ᠤᠷᠤᠨ ᠤ ᠪᠠᠨ ᠰᠤᠷᠭᠠᠭᠤᠯᠢ ᠶᠢᠨ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠨᠠᠩ ᠰᠠᠶᠢᠲᠤᠷ ᠬᠠᠮᠠᠭᠠᠯᠠᠨ᠂ ᠪᠣᠯᠪᠠᠰᠤᠨ ᠡᠶ᠎ᠡ ᠵᠣᠬᠢᠴᠠᠩᠭᠤᠶ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠪᠠ᠃
                        ᠯᠢᠦᠢ ᠢᠦᠢ ᠯᠢᠨ    ᠯᠥᠸᠧ ᠮᠧᠩ  ᠰᠡᠭᠦᠳᠡᠷᠯᠡᠨ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号