ᠲᠡᠮᠡᠭᠡᠴᠢ ᠪᠠᠯᠭᠠᠰᠤ ᠦᠨᠳᠤᠰᠦᠨ ᠱᠠᠳᠦᠨ ᠤ ᠵᠥᠷᠢᠴᠡᠯ ᠵᠢᠭᠤᠷᠠᠯᠳᠤᠭᠠᠨ ᠢ ᠰᠠᠶᠢᠳᠦᠷ ᠰᠢᠢᠳᠪᠤᠷᠢᠯᠡᠵᠤ ᠪᠤᠢ
ᠨᠡᠶᠢᠲᠡᠯᠡᠭᠰᠡᠨ ᠴᠠᠭ᠄
2024/5/31
     ᠣᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠦ ᠬᠠᠷᠢᠶ᠎ᠠ ᠤᠷᠤᠨ ᠤ ᠪᠠᠨ ᠵᠥᠷᠢᠴᠡᠯ ᠵᠢᠭᠤᠷᠠᠯᠳᠤᠭᠠᠨ ᠢ ᠰᠠᠶᠢᠳᠦᠷ ᠰᠢᠢᠳᠪᠤᠷᠢᠯᠡᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠦᠷ᠎ᠡ  ᠪᠦᠳᠤᠮᠵᠢ ᠪᠠᠨ ᠲᠡᠭᠡᠭᠰᠢᠯᠡᠭᠦᠯᠦᠨ᠂  ᠬᠠᠷᠢᠶ᠎ᠠ ᠤᠷᠤᠨ ᠤ ᠪᠠᠨ ᠠᠷᠠᠳ ᠤᠯᠠᠨ ᠤ  ᠵᠤᠯ ᠵᠢᠷᠭᠠᠯᠳᠦ ᠲᠦᠷᠦᠭᠳᠡᠯ  ᠂ ᠠᠮᠤᠷ ᠲᠦᠪᠰᠢᠨ ᠤ ᠲᠦᠷᠦᠭᠳᠡᠯ ᠢ  ᠲᠡᠭᠡᠭᠰᠢᠯᠡᠭᠦᠯᠵᠤ ᠪᠠᠶᠢᠨ᠎ᠠ    ᠲᠡᠮᠡᠭᠡᠴᠢ ᠪᠠᠯᠭᠠᠰᠤ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠳᠤ᠂ ᠬᠠᠤᠯᠢ ᠴᠠᠭᠠᠵᠠ ᠶᠢᠨ ᠭᠠᠵᠠᠷ ᠠᠴᠠ ᠲᠦᠷᠦᠭᠦᠯᠡᠵᠤ᠂ ᠭᠠᠴᠠᠭ᠎ᠠ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠦᠨᠵᠡᠭᠡᠢ ︽ᠮᠠᠯᠲᠠᠬᠤ︾᠂ ᠤᠷᠠᠨ ᠢᠶᠠᠷ ︽ᠶᠠᠷᠢᠬᠤ︾ ᠭᠡᠬᠦ ᠠᠵᠢᠯ ᠤᠨ ᠠᠷᠭ᠎ᠠ ᠶᠢ ᠬᠡᠷᠡᠭᠯᠡᠵᠦ᠂ ᠠᠷᠠᠳ ᠤᠯᠠᠨ ᠤ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤ ᠨᠢ ᠰᠢᠢᠳᠪᠦᠷᠢᠯᠡᠨ ᠦᠭᠴᠤ ᠪᠤᠢ᠃     2024 ᠣᠨ ᠠᠴᠠ ᠨᠠᠭᠠᠰᠢ᠂ ᠲᠡᠮᠡᠭᠡᠴᠢ ᠪᠠᠯᠭᠠᠰᠦ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 82 ᠬᠤᠪᠢ ᠰᠢᠢᠳᠪᠦᠷᠢᠯᠡᠵᠤ ᠪᠤᠢ  ᠂ ᠡᠭᠦᠨ ᠳᠤ ᠭᠠᠵᠠᠷ ᠰᠢᠷᠣᠶ ᠨᠤᠳᠤᠭ ᠪᠡᠯᠴᠢᠭᠡᠷ ᠤᠨ ᠲᠥᠷᠥᠯ 57 ᠬᠤᠪᠢ᠂ ᠤᠷᠤᠭ ᠭᠡᠷ ᠪᠦᠯᠢ ᠶᠢᠨ ᠲᠥᠷᠥᠯ 16 ᠬᠤᠪᠢ᠂ ᠬᠥᠷᠰᠢ ᠵᠡᠷᠭᠡᠯᠡᠳᠡᠭᠡ ᠶᠢᠨ ᠲᠥᠷᠥᠯ 6 ᠬᠤᠪᠢ᠂ ᠠᠵᠤ ᠠᠬᠤᠶ ᠶᠢᠨ ᠲᠥᠷᠥᠯ 3 ᠬᠤᠪᠢ   ᠶᠢ ᠤᠷᠢᠳ ᠬᠤᠵᠢᠳ ᠰᠠᠶᠢᠳᠦᠷ ᠰᠢᠢᠳᠪᠤᠷᠢᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号