ᠠᠷᠪᠡᠨᠬᠡᠷ ᠪᠠᠯᠭᠠᠰᠦ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/5/31
   ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠠᠷᠪᠡᠨᠬᠡᠷ ᠪᠠᠯᠭᠠᠰᠦ ︽ᠪᠢᠴᠢᠬᠠᠨ ᠠᠨᠠᠷ ᠤᠨ ᠦᠷ᠎ᠡ ᠪᠠᠷ ᠲᠤᠮᠳᠠᠳᠤ ᠶᠢᠨ ᠰᠦᠭ ᠰᠦᠨᠡᠰᠦ ᠶᠢ ᠱᠤᠭᠤᠶ᠎ᠠ︾ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠦᠷᠨᠢᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠦᠷ᠎ᠡ ᠶᠢ ᠠᠷᠪᠡᠨᠬᠡᠷ ᠭᠤᠤᠯ ᠰᠤᠷᠭᠠᠭᠤᠯᠢ ᠶᠢᠨ ᠪᠠᠭᠰᠢ ᠰᠤᠷᠤᠬᠴᠢᠳ ᠤᠨ ᠰᠡᠳᠬᠢᠯ ᠳᠤ ᠦᠨᠳᠦᠰᠦᠯᠡᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠤ ᠬᠡᠷ ᠤᠷᠤᠨ ᠢᠶᠠᠨ ᠴᠤᠬᠴᠠᠯᠠᠨ ᠪᠠᠶᠢᠭᠤᠯᠤᠬᠰᠠᠨ ᠪᠠᠶᠢᠨ᠎ᠠ᠃     ᠰᠤᠷᠤᠬᠴᠢᠳ ᠰᠢᠯᠦᠭ ᠤᠶᠠᠩᠭᠠᠯᠠᠬᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠯᠢᠬᠡᠷ ᠶᠠᠷᠢᠬᠤ᠂ ᠤᠷᠠᠨ ᠰᠠᠶᠢᠬᠠᠨ ᠤ ᠲᠤᠬᠯᠠᠯᠳᠠ ᠭᠠᠷᠭᠠᠬᠤ ᠵᠡᠷᠭᠡ ᠠᠷᠭ᠎ᠠ ᠪᠠᠷ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠲᠤᠬᠠᠢ ᠦᠪᠡᠷ ᠦᠪᠡᠷ ᠤᠨ ᠰᠠᠨᠠᠯ ᠪᠤᠳᠤᠯ ᠢᠶᠠᠨ ᠢᠯᠡᠳᠭᠡᠭᠰᠡᠨ ᠪᠠᠶᠢᠨ᠎ᠠ᠃     ᠲᠠᠷᠠᠭᠠᠴᠢ ᠶᠢᠨ ᠠᠯᠬᠤᠮ ᠳᠤ ᠠᠷᠪᠡᠨᠬᠡᠷ ᠪᠠᠯᠭᠠᠰᠦ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠴᠦ᠂ ᠡᠯᠪᠡᠭ ᠠᠭᠤᠯᠭ᠎ᠠ ᠲᠠᠢ ᠠᠵᠢᠯᠯᠠᠭ᠎ᠠ ᠪᠠᠷ ᠠᠴᠢᠶᠠᠯᠠᠬᠴᠢ ᠪᠤᠯᠭᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠶᠢ ᠡᠬᠦᠳᠦᠨ ᠪᠠᠶᠢᠭᠤᠯᠬᠤ ᠪᠠ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠦ᠂ ︽ᠲᠤᠮᠳᠠᠳᠤ ᠶᠢᠨ ᠦᠨᠳᠦᠰᠦᠳᠡᠨ ᠨᠢᠬᠡ ᠬᠡᠷ ᠪᠦᠯᠢ ᠮᠡᠳᠤ ᠲᠤᠳᠤᠨᠤ︾ ᠪᠠᠶᠢᠬᠤ ᠠᠭᠤᠷ ᠠᠮᠢᠰᠬᠤᠯ ᠢ ᠤᠯᠠᠮ ᠵᠤᠵᠠᠭᠠᠳᠬᠠᠬᠤ ᠪᠤᠯᠤᠨ᠎ᠠ᠃  ︵ᠵᠤᠤ ᠽᠢ ᠯᠥᠩ    ᠸᠧᠢ ᠸᠧᠢ︶
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号