ᠬᠤᠯᠪᠣᠭ᠎ᠠ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/5/8
       ᠣᠶᠢᠷ᠎ᠠ ᠶᠢᠨ ᠡᠳᠦᠷ ᠤᠳ ᠲᠤ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠲᠤᠭᠲᠠᠪᠤᠷᠢᠵᠢᠭᠤᠯᠵᠤ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃       ᠬᠤᠯᠪᠣᠭ᠎ᠠ ᠪᠠᠯᠭᠠᠰᠤᠨ ᠤ ᠶᠦᠩ ᠰᠢᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠮᠠᠯᠲᠠᠭᠤᠷ ᠮᠠᠰᠢᠨ᠂ ᠴᠢᠷᠦᠭᠦᠯ ᠮᠠᠰᠢᠨ᠂ ᠬᠤᠳᠳᠤᠭ ᠮᠠᠯᠲᠠᠬᠤ ᠮᠠᠰᠢᠨ ᠵᠡᠷᠭᠡ ᠲᠣᠮᠣ ᠬᠡᠯᠪᠡᠷᠢ ᠶᠢᠨ ᠮᠠᠰᠢᠨ ᠤᠳ ᠶᠠᠭ ᠪᠥᠬᠦ ᠬᠦᠴᠦᠨ ᠢᠶᠠᠷ ᠢᠶᠠᠨ ᠭᠠᠵᠠᠷ ᠰᠢᠷᠣᠶ ᠶᠢ ᠲᠡᠭᠰᠢᠯᠡᠬᠦ᠂ ᠳᠠᠯᠠᠩ ᠪᠤᠰᠬᠠᠵᠦ ᠭᠤᠤ ᠪᠥᠭᠯᠡᠬᠦ᠂ ᠭᠦᠨ ᠬᠤᠳᠳᠤᠭ ᠮᠠᠯᠲᠠᠬᠤ ᠵᠡᠷᠭᠡ ᠠᠵᠢᠯ ᠢ ᠬᠢᠵᠦ᠂ ᠬᠡᠰᠡᠭ ᠬᠡᠰᠡᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠠᠭᠠᠵᠢᠮ ᠢᠶᠠᠷ ᠪᠤᠢ ᠪᠤᠯᠪᠠ᠃ ᠡᠭᠦᠨ ᠤ ᠬᠠᠮᠲᠤ᠂ ᠰᠢᠶᠠᠨ ᠹᠧᠩ ᠲᠣᠰᠬᠤᠨ ᠤ ᠠᠵᠢᠯᠴᠢᠳ ᠶᠠᠭ ᠤᠰᠤᠯᠠᠯᠲᠠ ᠶᠢᠨ ᠬᠤᠭᠤᠯᠠᠶ  ᠤᠭᠰᠠᠷᠠᠵᠦ ᠶᠠᠭᠠᠷᠠᠯᠲᠠᠶ ᠠᠵᠢᠯᠯᠠᠨ᠎ᠠ᠃       ︽ᠢᠨᠵᠧᠨᠧᠷᠢᠩ ᠤᠨ ᠭᠤᠤᠯ ᠪᠣᠯᠬᠤ ᠪᠥᠲᠥᠭᠡᠨ ᠪᠠᠶᠢᠭᠤᠯᠤᠯᠲᠠ ᠨᠢ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠶᠠᠰᠤ ᠴᠢᠨᠠᠷ ᠢ 37708 ᠮᠥ ᠳᠡᠭᠡᠭᠰᠢᠯᠡᠭᠦᠯᠵᠦ᠂ 22000 ᠮᠥ ᠭᠠᠵᠠᠷ ᠰᠢᠷᠣᠶ ᠶᠢ ᠲᠡᠭᠰᠢᠯᠡᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠨᠡᠳᠬᠡᠬᠦ ᠮᠠᠰᠢᠨ ᠬᠤᠳᠳᠤᠭ 239 ᠪᠠᠶᠢᠵᠤ ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 7882 ᠮᠥ ᠪᠤᠯᠭᠠᠵᠤ᠂ ᠭᠠᠵᠠᠷ ᠲᠤ ᠪᠤᠯᠠᠭᠰᠠᠨ ᠬᠤᠭᠤᠯᠠᠶ ᠶᠢᠨ ᠣᠷᠳᠣ ᠨᠢ 43.35km᠂ ᠪᠧᠲ᠋ᠤᠨ ᠤ ᠰᠤᠪᠠᠭ 61.16km᠂ ᠲᠠᠷᠢᠶᠠᠨ ᠭᠠᠵᠠᠷ ᠤᠨ ᠵᠠᠮ ᠤᠨ ᠪᠠᠷᠢᠯᠭ᠎ᠠ 107.32 km᠂ ᠵᠠᠮ ᠥᠩᠭᠡᠷᠡᠬᠦ ᠬᠥᠭᠦᠷᠭᠡ 38 ᠰᠠᠭᠤᠷᠢ᠂ ᠲᠠᠷᠢᠶᠠᠨ ᠭᠠᠵᠠᠷ ᠤᠨ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠱᠤᠭᠤᠮ 53.19km ᠪᠠᠶᠢᠵᠤ᠂ ᠣᠲᠣ ᠪᠣᠯᠲᠠᠯ᠎ᠠ᠂ ᠢᠨᠵᠧᠨᠧᠷᠢᠩ ᠨᠢ ᠨᠢᠭᠡᠨᠲᠡ 10 km ᠤᠨ ᠬᠤᠭᠤᠯᠠᠶ᠂ 75 ᠮᠠᠰᠢᠨ ᠬᠤᠳᠳᠤᠭ᠂ 381 ᠮᠥ ᠭᠠᠵᠠᠷ ᠰᠢᠷᠣᠶ ᠶᠢ ᠲᠡᠭᠰᠢᠯᠡᠬᠦ ᠶᠢ ᠪᠡᠶᠡᠯᠡᠭᠦᠯᠪᠡ︾ ᠭᠡᠵᠦ ᠬᠤᠯᠪᠣᠭ᠎ᠠ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠴᠧᠩ ᠭᠦᠸᠧ ᠽᠦᠸᠧ ᠬᠡᠯᠡᠪᠡ᠃      ᠡᠨᠡ ᠵᠢᠯ᠂ ᠬᠤᠯᠪᠣᠭ᠎ᠠ ᠪᠠᠯᠭᠠᠰᠤ ︽ᠠᠮᠤ ᠪᠤᠳᠠᠭ᠎ᠠ ᠶᠢᠨ ᠭᠠᠷᠤᠯᠲᠠ ᠶᠢ ᠲᠤᠭᠲᠠᠪᠤᠷᠢᠵᠢᠭᠤᠯᠵᠦ᠂ ᠬᠠᠩᠭᠠᠯᠭ᠎ᠠ ᠶᠢ ᠰᠢᠯᠢᠳᠡᠭᠵᠢᠭᠦᠯᠬᠦ᠂ ᠦᠷ᠎ᠡ ᠠᠰᠢᠭ ᠢ ᠨᠡᠮᠡᠭᠳᠡᠭᠦᠯᠬᠦ︾ ᠬᠠᠷᠠᠯᠲᠠ ᠶᠢᠨ ᠲᠣᠭᠤᠷᠢᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠠᠷᠢᠶᠠᠯᠠᠩ  ᠦᠢᠯᠡᠳᠪᠦᠷᠢᠯᠡᠯ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠲᠠᠷᠢᠶᠠᠯᠠᠩ ᠤᠨ ᠪᠦᠬᠦ ᠲᠠᠯ᠎ᠠ ᠶᠢᠨ ᠮᠧᠬᠠᠨᠢᠭᠵᠢᠯᠲᠠ᠂ ᠤᠶᠤᠨᠴᠢᠯᠠᠭᠰᠠᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ︽ᠨᠢᠭᠡ ᠮᠦ ᠶᠢ ᠪᠠᠶᠢᠭᠤᠯᠤᠨ᠂ ᠨᠢᠭᠡ ᠮᠦ ᠪᠠᠨ ᠰᠠᠶᠢᠲᠤᠷ ᠬᠠᠮᠢᠶᠠᠷᠴᠤ᠂ ᠨᠢᠭᠡ ᠮᠦ ᠠᠴᠠ ᠦᠷ᠎ᠡ ᠪᠦᠲᠦᠮᠵᠢ ᠤᠯᠬᠤ︾ ᠪᠣᠯᠭᠠᠪᠠ᠃ ᠣᠲᠣ ᠪᠣᠯᠲᠠᠯ᠎ᠠ᠂ ᠬᠤᠯᠪᠣᠭ᠎ᠠ ᠪᠠᠯᠭᠠᠰᠤ ᠨᠢᠭᠡᠨᠲᠡ 24.3 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠪᠠ᠃     ︽2024 ᠣᠨ ᠳᠤ ᠮᠠᠨ ᠤ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠨᠢ 37708 ᠮᠥ᠂ 10 ᠲᠣᠰᠬᠤᠨ ᠳᠤ ᠬᠤᠯᠪᠣᠭᠳᠠᠵᠤ᠂ ᠬᠡᠮᠵᠢᠶ᠎ᠡ ᠨᠢ ᠶᠡᠭᠡ᠂ ᠬᠡᠪᠴᠢᠶ᠎ᠡ ᠨᠢ ᠥᠷᠭᠡᠨ᠂ ᠪᠢᠳᠡ ᠪᠠᠷᠢᠯᠭ᠎ᠠ ᠶᠢᠨ ᠨᠢᠭᠡᠴᠢ ᠲᠠᠢ ᠢᠳᠡᠪᠬᠢᠲᠠᠢ ᠬᠠᠮᠵᠢᠯᠴᠠᠨ ᠠᠵᠢᠯ ᠡᠬᠢᠯᠡᠬᠦᠯᠬᠦ ᠪᠠᠶᠢᠭᠤᠯᠤᠯᠲᠠ ᠪᠠᠨ ᠲᠦᠷᠭᠡᠳᠭᠡᠵᠦ᠂ ︿ᠲᠠᠷᠢᠶ᠎ᠠ᠂ ᠰᠢᠷᠣᠶ᠂ ᠵᠠᠮ᠂ ᠣᠶ᠂ ᠬᠤᠳᠳᠤᠭ᠂ ᠴᠠᠬᠢᠯᠭᠠᠨ᠂ ᠰᠤᠪᠠᠭ᠂ ᠳᠠᠮᠵᠢᠭᠤᠯᠬᠤ ᠬᠤᠭᠤᠯᠠᠶ﹀ ᠶᠢᠨ ᠲᠣᠭᠤᠷᠢᠨ ᠳᠤ ᠢᠵᠢ ᠪᠥᠷᠢᠳᠦᠭᠦᠯᠵᠦ᠂ ᠡᠨᠡ ᠵᠢᠯ 37708 ᠮᠥ ᠲᠠᠷᠢᠶᠠᠨ ᠭᠠᠵᠠᠷ ᠢ ᠥᠨᠳᠥᠷ ᠪᠠᠷᠢᠮᠵᠢᠶ᠎ᠠ ᠪᠠᠷ ᠢᠵᠢ ᠪᠥᠷᠢᠳᠦᠭᠦᠯᠦᠭᠰᠡᠨ ᠤ ᠳᠠᠷᠠᠭ᠎ᠠ᠂ ᠮᠠᠨ ᠤ ᠪᠠᠯᠭᠠᠰᠤ 28.1 ᠲᠦᠮᠡᠨ ᠮᠥ ᠲᠠᠷᠢᠶᠠᠨ ᠭᠠᠵᠠᠷ ᠲᠤ ᠪᠥᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠬᠠᠷᠠᠯᠲᠠ ᠶᠢ ᠪᠡᠶᠡᠯᠡᠭᠦᠯᠬᠦ  ᠪᠤᠯᠤᠨ᠎ᠠ︾  ᠭᠡᠵᠦ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠷᠬᠢᠯᠡᠭᠴᠢ ᠵᠠᠩ ᠯᠢᠶᠠᠩ ᠬᠡᠯᠡᠪᠡ᠃
 
ᠢᠷᠡᠯᠲᠡ᠄ ᠵᠠᠯᠠᠶᠢᠳ ᠬᠤᠰᠢᠭᠤᠨ ᠤ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号