ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/5/8
ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠬᠢ    ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ︵ᠬᠤᠶᠠᠷ︶ ᠨᠠᠮ ᠤᠨ ᠤᠯᠤᠰ ᠲᠥᠷᠥ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠨ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠠᠷᠠᠳ ᠤᠨ ᠵᠡᠪᠰᠡᠭᠲᠦ ᠬᠦᠴᠦᠨ᠂ ᠨᠢᠭᠡᠳᠦᠮᠡᠯ ᠹᠷᠣᠨᠲ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠵᠡᠷᠭᠡ ᠠᠵᠢᠯ ᠢ ᠰᠠᠶᠢᠲᠤᠷ ᠬᠢᠨ᠎ᠡ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠨ᠎ᠡ᠃ ︽ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠢ ᠰᠠᠶᠢᠲᠤᠷ ᠬᠢᠵᠦ᠂ ᠰᠢᠢᠳᠪᠦᠷᠢᠲᠦ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ︵ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠰᠢᠭᠤᠨ ᠳᠠᠬᠢ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠰᠢᠶᠠᠩ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠲᠣᠭᠲᠠᠭᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃    ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠵᠤ ᠦᠢᠯᠡᠰ ᠤᠨ ᠲᠥᠯᠥᠪᠵᠢᠭᠦᠯᠭᠡ ᠶᠢᠨ ᠬᠥᠭᠵᠢᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠳᠦᠭᠡᠯ ᠢ ᠪᠠᠬᠢᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠷᠠᠳ ᠤᠯᠠᠨ ᠤ ᠠᠮᠢᠳᠤᠷᠠᠯ ᠤᠨ ᠬᠢᠷᠢ ᠲᠦᠪᠰᠢᠨ ᠢ ᠰᠠᠶᠢᠵᠢᠷᠠᠭᠤᠯᠤᠨ᠎ᠠ᠃    ︵ᠲᠠᠪᠤ︶ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠦᠯᠬᠦᠮ ᠵᠡᠷᠭᠡ ᠠᠵᠢᠯ ᠢ ᠰᠠᠶᠢᠲᠤᠷ ᠬᠢᠵᠦ᠂ ᠲᠠᠷᠢᠶᠠᠴᠢᠨ ᠮᠠᠯᠴᠢᠳ ᠤᠨ ᠨᠠᠰᠤᠵᠢᠯ ᠤᠨ ᠳᠠᠭᠠᠳᠬᠠᠯ ᠪᠣᠯᠤᠨ ᠬᠤᠷᠰᠢᠭᠰᠠᠨ ᠡᠮ ᠡᠮᠨᠡᠯᠭᠡ ᠵᠡᠷᠭᠡ ᠨᠡᠶᠢᠭᠡᠮ ᠨᠡᠶᠢᠲᠡ ᠶᠢᠨ ᠠᠰᠠᠷᠠᠮᠵᠢ ᠶᠢᠨ ᠦᠢᠯᠡᠰ ᠢ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠭᠠᠮᠰᠢᠭ ᠠᠴᠠ ᠠᠪᠤᠷᠠᠬᠤ᠂ ᠨᠡᠶᠢᠭᠡᠮ ᠤᠨ ᠠᠪᠤᠷᠠᠨ ᠲᠤᠰᠠᠯᠠᠮᠵᠢ᠂ ᠬᠠᠷᠠᠭᠠᠯᠵᠠᠬᠤ ᠡᠳᠡᠭᠡᠳ᠂ ᠵᠡᠮᠳᠡᠭᠴᠦᠳ ᠵᠡᠷᠭᠡ ᠣᠷᠣᠯᠭ᠎ᠠ ᠪᠠᠭᠠᠲᠠᠶ ᠬᠥᠮᠦᠰ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃    ︵ᠵᠢᠷᠭᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠵᠤᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃    ︵ᠳᠤᠯᠤᠭ᠎ᠠ︶ ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭ᠎ᠠ ᠲᠣᠭᠤᠷᠢᠭ ᠤᠨ ᠠᠳᠠᠯ ᠠᠬᠤᠶ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠥᠯᠥᠪᠵᠢᠭᠦᠯᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠳᠡ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠪᠠᠭ᠎ᠠ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃    ︵ᠨᠠᠢᠮᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ ᠵᠡᠷᠭᠡ ᠠᠵᠢᠯ ᠢ ᠰᠠᠶᠢᠲᠤᠷ ᠠᠳᠬᠤᠨ᠎ᠠ᠃    ︵ᠶᠢᠰᠦ︶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠪᠠ ᠳᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠦᠮᠦᠵᠢᠭᠦᠯᠵᠦ ᠪᠠᠶᠢᠭᠠᠳ ᠬᠠᠤᠯᠢ ᠶᠣᠰᠣᠭᠠᠷ ᠭᠦᠢᠴᠡᠳᠬᠡᠪᠡᠰᠦ ᠵᠣᠬᠢᠬᠤ ᠡᠭᠦᠷᠭᠡ ᠪᠠᠨ ᠭᠦᠢᠴᠡᠳᠬᠡᠬᠦ ᠵᠡᠷᠭᠡ ᠲᠠᠯ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号