ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠱᠤᠷᠤᠯᠢᠭ ᠤᠨ ᠤᠷᠤᠯᠳᠤᠭᠠᠨ ᠬᠦᠭᠵᠢᠶᠡᠨᠳᠠᠢ ᠶᠠᠪᠤᠨᠨᠳᠠᠪᠠ
ᠨᠡᠶᠢᠲᠡᠯᠡᠭᠰᠡᠨ ᠴᠠᠭ᠄
2024/5/8
    5 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠢᠩᠭᠠᠨ ᠠᠶᠢᠮᠠᠭ ᠤᠨ ᠢᠳᠡᠭᠡᠨ ᠤᠮᠳᠠᠭᠠᠨ ᠬᠢᠭᠡᠤᠨ ᠬᠤᠭᠤᠯᠠᠨ ᠭᠡᠷ ᠤᠨ ᠠᠵᠢᠯ ᠲᠦᠷᠦᠯ ᠤᠨ ᠨᠡᠶᠢᠭᠡᠮᠯᠢᠭ ᠠᠴᠠ ᠬᠠᠮᠵᠢᠨ ᠡᠷᠬᠢᠯᠡᠭᠰᠡᠨ ︽2024 ᠣᠨ ᠤ ᠥᠪᠥᠷ ᠮᠣᠩᠭᠤᠯ — ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠱᠤᠷᠤᠯᠢᠭ ᠤᠨ ᠤᠷᠤᠯᠳᠤᠭᠠᠨ︾ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠢᠯᠡᠷ ᠠᠮᠢ ᠠᠬᠤᠢ ᠶᠢᠨ ᠴᠡᠴᠡᠷᠯᠢᠭ ᠲᠤ ᠬᠦᠭᠵᠢᠶᠡᠨᠳᠠᠢ ᠶᠠᠪᠤᠨᠨᠳᠠᠪᠠ᠃    ᠤᠷᠤᠯᠳᠤᠭᠠᠨ ᠤ ᠠᠬᠤᠢ ᠲᠠᠯᠠᠪᠠᠢ ᠳᠤ ᠪᠦᠬᠦ ᠠᠶᠢᠮᠠᠭ ᠤᠨ 10 ᠭᠠᠷᠤᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠣᠭᠤᠭᠠᠴᠢ ᠤᠷᠤᠯᠳᠤᠭᠠᠨ ᠳᠤ ᠤᠷᠤᠯᠴᠠᠵᠠᠢ᠂ ᠲᠤᠬᠠᠢ ᠶᠢᠨ ᠲᠠᠯᠠᠪᠠᠢ ᠳᠤ ᠲᠤᠭᠤᠭᠠᠴᠢ ᠨᠠᠷ ᠣᠯᠠᠨ ᠶᠠᠩᠵᠤ ᠪᠠᠷ ᠠᠮᠲᠠᠲᠦ ᠱᠤᠷᠤᠯᠢᠭ ᠤᠨ ᠢᠳᠡᠭᠡᠨ ᠦᠢᠯᠡᠳᠴᠦ᠂  ᠬᠤᠲᠠ ᠶᠢᠨ ᠠᠷᠠᠳ ᠲᠤ ᠦᠨ᠎ᠡ ᠲᠥᠯᠥᠪᠦᠷᠢ ᠦᠭᠡᠢ ᠪᠠᠷ ᠠᠮᠲᠠᠯᠠᠭᠤᠯᠵᠤ᠂ ᠬᠢᠩᠭᠠᠨ ᠠᠶᠢᠮᠠᠭ ᠤᠨ ᠱᠤᠷᠤᠯᠢᠭ ᠤᠨ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠦᠭᠰᠡᠨ ᠦᠪᠡᠳᠡᠭᠰᠢ ᠠᠵᠢᠯᠯᠠᠭ᠎ᠠ ᠪᠤᠯᠤᠨᠨᠰᠠᠠ ᠪᠠᠶᠢᠨ᠎ᠠ᠃ᠲᠤᠬᠠᠢ ᠶᠢᠨ ᠲᠠᠯᠠᠪᠠᠢ ᠳᠤ ᠬᠢᠩᠭᠠᠨ ᠠᠶᠢᠮᠠᠭ ᠤᠨ ᠢᠳᠡᠭᠡᠨ ᠤᠮᠳᠠᠭᠠᠨ ᠬᠢᠭᠡᠤᠨ ᠬᠤᠭᠤᠯᠠᠨ ᠭᠡᠷ ᠤᠨ ᠠᠵᠢᠯ ᠲᠦᠷᠦᠯ ᠤᠨ ᠨᠡᠶᠢᠭᠡᠮᠯᠢᠭ ᠤᠨ ᠠᠵᠢᠯᠴᠢᠨ ᠵᠢᠴᠢ ᠲᠤᠰ ᠭᠠᠵᠠᠷ ᠤᠨ ᠬᠤᠪᠢ ᠶᠢᠨ ᠵᠠᠭᠤᠴᠢᠯᠠᠭᠤᠷ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠦᠨᠡᠯᠡᠨ ᠬᠢᠨᠠᠬᠤ ᠪᠦᠯᠬᠦᠮ ᠤᠨ ᠬᠢᠨ ᠢᠳᠡᠭᠡᠨ ᠤ ᠠᠮᠤᠷ ᠲᠦᠪᠰᠢᠨ᠂ ᠠᠮᠲᠠ ᠰᠢᠮᠳᠠ᠂ ᠴᠢᠨᠠᠷ ᠤᠨ ᠪᠠᠶᠢᠳᠠᠯ ᠵᠡᠷᠭᠡ ᠤᠯᠠᠨ ᠲᠠᠯ᠎ᠠ ᠠᠴᠠ ᠬᠤᠪᠢ ᠤᠯᠭᠤᠨᠨᠰᠠᠨ ᠪᠠᠶᠢᠨ᠎ᠠ᠃     ︽ᠪᠢᠳᠡ ᠤᠷᠤᠯᠳᠤᠭᠠᠨ ᠤ ᠳᠤᠮᠳᠠ ᠠᠴᠠ ᠨᠢᠭᠡ ᠪᠦᠯᠦᠭ ᠰᠢᠨ᠎ᠡ ᠰᠣᠷᠭᠤᠭ ᠨᠣᠭᠤᠭ᠎ᠠ ᠵᠠᠭᠤᠰᠢ ᠶᠢ ᠣᠯᠵᠤ ᠬᠠᠷᠠᠪᠠ᠂ ᠡᠭᠦᠨ ᠢ ᠬᠢᠩᠭᠠᠨ ᠠᠶᠢᠮᠠᠭ ᠤᠨ ᠲᠤᠰ ᠭᠠᠵᠠᠷ ᠤᠨ ᠤᠨᠴᠠᠯᠢᠬᠳᠤ ᠢᠳᠡᠭᠡᠨ ᠤ ᠮᠠᠲ᠋ᠧᠷᠢᠶᠠᠯ ᠢᠶᠠᠷ ᠬᠢᠭᠰᠡᠨ ᠶᠤᠮ᠂ ᠲᠣᠭᠤᠭᠠᠴᠢ ᠨᠠᠷ ᠠᠳᠠᠯᠢ ᠪᠤᠰᠤ ᠶᠢᠨ ᠬᠤᠭᠤᠯᠠ ᠬᠢᠬᠦ ᠠᠷᠭ᠎ᠠ ᠪᠠᠷ ᠲᠡᠳᠡᠨ ᠳᠤ ᠠᠳᠠᠯᠢ ᠪᠤᠰᠤ ᠶᠢᠨ ᠦᠨᠦᠷ ᠠᠮᠲᠠ ᠤᠷᠤᠭᠤᠯᠵᠠᠢ᠂ ᠡᠨᠡ ᠪᠣᠯ ︿ᠬᠢᠩᠭᠠᠨ ᠠᠶᠢᠮᠠᠭ ᠤᠨ ᠦᠨᠦᠷ ᠠᠮᠲᠠ﹀ ᠪᠣᠯᠤᠨ᠎ᠠ︾ ᠭᠡᠵᠦ ᠬᠢᠩᠭᠠᠨ ᠠᠶᠢᠮᠠᠭ ᠤᠨ ᠢᠳᠡᠭᠡᠨ ᠤᠮᠳᠠᠭᠠᠨ ᠬᠢᠭᠡᠤᠨ ᠬᠤᠭᠤᠯᠠᠨ ᠭᠡᠷ ᠤᠨ ᠠᠵᠢᠯ ᠲᠦᠷᠦᠯ ᠤᠨ ᠨᠡᠶᠢᠭᠡᠮᠯᠢᠭ ᠤᠨ ᠤᠯᠤᠰ ᠤᠨ ᠲᠡᠰ ᠤᠨ ᠦᠨᠡᠯᠡᠭᠴᠢ ᠯᠢ ᡁᠢ ᠺᠦ᠋  ᠬᠡᠯᠡᠪᠡ᠃︽ᠡᠨᠡ ᠬᠦ ᠱᠤᠷᠤᠯᠢᠭ ᠤᠨ ᠤᠷᠤᠯᠳᠤᠭᠠᠨ ᠤ ᠲᠤᠬᠠᠢ ᠶᠢᠨ ᠲᠠᠯᠠᠪᠤᠷ ᠲᠤ ᠨᠤᠲᠤᠭ ᠤᠨ ᠢᠶᠠᠨ ᠣᠨᠴᠠᠯᠢᠭ ᠲᠠᠢ ᠠᠮᠲᠠᠲᠤ ᠢᠳᠡᠭᠡᠨ ᠪᠤᠯᠬᠤ ᠰᠢᠷᠠᠭᠰᠠᠨ ᠪᠦᠬᠦᠯᠢ ᠬᠤᠨᠢ ᠶᠢ ᠠᠮᠲᠠᠯᠠᠭᠰᠠᠨ ᠪᠠᠶᠢᠨ᠎ᠠ᠂ ᠰᠢᠨ᠎ᠡ ᠰᠣᠷᠭᠤᠭ ᠬᠤᠨᠢᠨ ᠮᠢᠬ᠎ᠠ ᠶᠢᠨ ᠰᠢᠷᠠᠮᠠᠯ ᠤᠨ ᠠᠮᠳᠠ ᠨᠢ ᠨᠠᠳᠠ ᠳᠤ ᠲᠦᠢᠯ ᠢᠶᠠᠷ ᠲᠠᠭᠠᠯᠠᠭᠳᠠᠭᠰᠠᠨ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠭᠤᠭᠠᠯᠢ ᠠᠷᠠᠳ ᠠᠨ ᠴᠠᠩ ᠰᠦᠸᠧ ᠬᠡᠯᠡᠪᠡ᠃     ᠲᠣᠰ ᠤᠳᠠᠭᠠᠨ ᠤ ᠱᠤᠷᠤᠯᠢᠭ ᠤᠨ ᠤᠷᠤᠯᠳᠤᠭᠠᠨ ᠨᠢ ᠨᠢᠭᠡ ᠤᠳᠠᠭᠠᠨ ᠤ ᠠᠮᠲᠠᠲᠤ ᠢᠳᠡᠭᠡᠨ ᠤ ᠨᠠᠶᠢᠷ ᠪᠤᠯᠤᠨᠨᠰᠠᠨ ᠢᠶᠠᠷ ᠪᠠᠷᠠᠬᠤ ᠦᠭᠡᠢ ᠨᠠᠩ ᠴᠤ ᠬᠢᠩᠭᠠᠨ ᠠᠶᠢᠮᠠᠭ ᠤᠨ ᠨᠤᠲᠤᠭ ᠤᠨ ᠣᠨᠴᠠ ᠭᠠᠷᠤᠯᠲᠠ ᠶᠢᠨ ᠦᠵᠡᠭᠦᠯᠭᠡ ᠪᠤᠯᠤᠨᠨᠰᠠᠨ ᠪᠠᠶᠢᠨ᠎ᠠ᠃ ᠲᠣᠭᠤᠭᠠᠴᠢ ᠨᠠᠷ ᠤᠨ ᠦᠨᠳᠦᠷ ᠲᠡᠰ ᠤᠨ ᠤᠷ᠎ᠠ ᠮᠡᠷᠭᠡᠵᠢᠯ ᠢᠶᠠᠷ ᠲᠠᠮᠵᠢᠨ ᠬᠢᠩᠭᠠᠨ ᠠᠶᠢᠮᠠᠭ ᠤᠨ ᠪᠣᠬᠢᠷᠲᠤᠯ ᠦᠭᠡᠢ ᠢᠳᠡᠭᠡᠨ ᠤ ᠮᠠᠲ᠋ᠧᠷᠢᠶᠠᠯ ᠨᠢ ᠤᠯᠠᠨ ᠵᠦᠢᠯ ᠤᠨ ᠦᠨᠦᠷ ᠠᠮᠲᠠ ᠶᠢ ᠪᠦᠷᠢᠳᠦᠭᠦᠯᠦᠭᠰᠡᠨ ᠠᠮᠲᠠᠲᠤ ᠢᠳᠡᠭᠡᠨ ᠪᠤᠯᠤᠨᠨᠰᠠᠨ ᠪᠦᠭᠡᠳ ᠡᠨᠡ ᠨᠢ ᠬᠢᠩᠭᠠᠨ ᠠᠶᠢᠮᠠᠭ ᠤᠨ ᠥᠪᠡᠷᠮᠢᠴᠡ ᠣᠨᠴᠠᠯᠢᠭ ᠲᠠᠢ ᠱᠤᠷᠤᠯᠢᠭ ᠤᠨ ᠰᠣᠶᠣᠯ ᠪᠣᠯᠤᠨ ᠢᠳᠡᠭᠡᠨ ᠤᠮᠳᠠᠭᠠᠨ ᠤ ᠷᠢᠳᠢ ᠰᠢᠳᠢ ᠶᠢ ᠢᠯᠡᠷᠡᠭᠦᠯᠦᠭᠰᠡᠨ ᠪᠥᠭᠡᠳ ᠬᠢᠩᠭᠠᠨ ᠠᠶᠢᠮᠠᠭ ᠤᠨ ᠵᠢᠭᠤᠯᠴᠢᠯᠠᠯ ᠤᠨ ᠦᠢᠯᠡᠰ ᠪᠣᠯᠤᠨ ᠢᠳᠡᠭᠡᠨ ᠤᠮᠳᠠᠭᠠᠨ ᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃
ᠵᠢᠷᠤᠭ ᠪᠤᠯ᠂ ᠱᠤᠷᠤᠯᠢᠭ ᠤᠨ ᠤᠷᠤᠯᠳᠤᠭᠠᠨ ᠤ ᠠᠬᠤᠢ ᠲᠠᠯᠠᠪᠠᠢ ᠪᠤᠯᠤᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号