ᠵᠠᠯᠠᠭᠤ ᠮᠠᠯᠴᠢᠨ ᠴᠢᠤᠸᠠᠨ ᠱᠠᠨ ᠤ ᠪᠠᠶᠠᠵᠢᠯ ᠤᠨ ᠵᠠᠮ
ᠨᠡᠶᠢᠲᠡᠯᠡᠭᠰᠡᠨ ᠴᠠᠭ᠄
2024/5/9
     ᠡ᠊ᠨᠡ ᠵᠢᠯ 45 ᠨᠠᠰᠤᠳᠠᠢ ᠴᠢᠤᠸᠠᠨ ᠱᠠᠨ ᠪᠤᠯ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠠᠷᠪᠡᠨᠬᠡᠷ ᠪᠠᠯᠭᠠᠰᠤ ᠶᠢᠨ ᠬᠠᠶᠢᠯᠠᠰᠤᠳᠠᠢ ᠭᠠᠴᠠᠭᠠᠨ ᠤ ᠰᠢᠨ᠎ᠡ ᠴᠠᠭ ᠦᠶ᠎ᠡ ᠶᠢᠨ ᠵᠠᠯᠠᠭᠤ ᠮᠠᠯᠴᠢᠨ ᠤ ᠨᠢᠬᠡ ᠨᠢ ᠪᠤᠯᠤᠨ᠎ᠠ᠃ ︽ᠡᠷᠳᠡᠡ ᠤ ᠬᠦᠮᠦᠰ ᠤᠨ ᠦᠬᠡᠨ ᠳᠤ ︿ᠶᠠᠭᠠᠷᠠᠪᠠᠯ ᠢᠮᠠᠭ᠎ᠠ ᠠᠷᠠᠴᠢᠯᠠᠵᠦ᠂ ᠬᠤᠷᠳᠤᠯᠠᠪᠠᠯ ᠬᠤᠨᠢ ᠲᠡᠵᠢᠬᠡᠨ᠎ᠡ﹀ ᠬᠡᠵᠦ ᠪᠠᠶᠢᠳᠠᠭ᠃ ᠪᠢ ᠪᠤᠯ ᠶᠠᠭ ᠢᠩᠬᠢᠵᠦ ᠪᠤᠭᠤᠷᠤᠯᠴᠤᠳ ᠤᠨ ᠶᠠᠷᠢᠵᠦ ᠢᠷᠡᠭᠰᠡᠨ ᠢ ᠵᠢᠷᠤᠮᠯᠠᠵᠦ᠂ ᠬᠤᠨᠢ ᠲᠡᠵᠢᠬᠡᠵᠦ ᠪᠠᠶᠠᠨ ᠴᠢᠨᠠᠬᠡᠯᠢᠭ ᠪᠤᠯᠬᠤ ᠪᠠᠷ ᠵᠢᠳᠬᠦᠵᠦ ᠢᠷᠡᠭᠰᠡᠨ ᠶᠤᠮ᠃ ᠬᠤᠨᠢ ᠲᠡᠵᠢᠬᠡᠵᠦ ᠤᠷᠤᠯᠭ᠎ᠠ ᠪᠠᠨ ᠨᠡᠮᠡᠭᠳᠡᠬᠦᠯᠬᠦ ᠳᠤ ᠲᠦᠷᠦ ᠶᠢᠨ ᠪᠤᠳᠤᠯᠭ᠎ᠠ᠂ ᠰᠢᠨᠵᠢᠯᠡᠬᠦ ᠤᠬᠠᠭᠠᠨ ᠳᠤ ᠲᠦᠰᠢᠭᠯᠡᠵᠦ᠂ ᠨᠤᠳᠤᠭ ᠪᠡᠯᠴᠢᠬᠡᠷ ᠫᠧᠩ ᠰᠠᠷᠠᠪᠴᠢ ᠶᠢᠨ ᠦᠨᠳᠦᠰᠦᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠬᠢᠬᠦ ᠠᠴᠠ ᠭᠠᠳᠠᠨ᠎ᠠ ᠭᠤᠤᠯ ᠨᠢ ᠬᠤᠨᠢ ᠶᠢᠨ ᠵᠠᠬ᠎ᠠ ᠲᠡᠯᠬᠡᠬᠦᠷ ᠤᠨ ᠬᠤᠪᠢᠷᠠᠯᠳᠠ ᠶᠢ ᠴᠠᠭ ᠲᠤᠬᠠᠢ ᠳᠤᠨᠢ ᠠᠩᠬᠠᠷᠴᠦ᠂ ᠵᠠᠬ᠎ᠠ ᠲᠡᠯᠬᠡᠬᠦᠷ ᠤᠨ ᠬᠤᠪᠢᠷᠠᠯᠳᠠ ᠪᠠᠷ ᠲᠡᠵᠢᠬᠡᠵᠦ ᠠᠷᠠᠴᠢᠯᠠᠬᠤ ᠬᠤᠨᠢ ᠶᠢᠨ ᠲᠤᠭ᠎ᠠ ᠲᠤᠯᠤᠭᠠᠢ ᠪᠠᠨ ᠲᠤᠭᠳᠠᠭᠠᠵᠦ᠂ ᠪᠡᠯᠴᠢᠬᠡᠷ ᠰᠡᠯᠬᠦᠵᠦ ᠠᠷᠠᠴᠢᠯᠠᠬᠤ ᠪᠤᠯ ᠶᠡᠭᠡ ᠴᠢᠬᠤᠯᠠ ᠪᠠᠶᠢᠳᠠᠭ ᠶᠤᠮ︾ ᠬᠡᠵᠦ ᠴᠢᠣᠸᠠᠨ ᠱᠠᠨ ᠦᠷᠬᠦᠯᠵᠢ ᠬᠡᠯᠡᠵᠦ ᠶᠠᠪᠤᠳᠠᠭ ᠲᠡᠳᠦᠢ ᠦᠬᠡᠢ ᠮᠦᠨ ᠢᠩᠬᠢᠵᠦ ᠬᠢᠵᠦ ᠢᠷᠡᠭᠰᠡᠨ ᠪᠠᠶᠢᠨ᠎ᠠ᠃      ᠡ᠊ᠨᠡ ᠵᠢᠯ ᠤᠨ ᠬᠠᠩᠰᠢ ᠪᠤᠯᠳᠠᠯ᠎ᠠ᠂ ᠴᠢᠤᠸᠠᠨ ᠱᠠᠨ ᠲᠡᠵᠢᠬᠡᠵᠦ ᠠᠷᠠᠴᠢᠯᠠᠵᠦ ᠪᠠᠶᠢᠭ᠎ᠠ 900 ᠡᠬᠡ ᠬᠤᠨᠢ ᠠᠴᠠ ᠪᠠᠨ 800 ᠭᠠᠷᠤᠢ ᠲᠦᠯ ᠲᠤᠰᠴᠦ᠂ ᠡᠳᠡᠬᠡᠷᠡᠯᠳᠡ ᠶᠢᠨ ᠨᠤᠷᠮ᠎ᠠ ᠨᠢ 95% ᠳᠤ ᠲᠤᠯᠵᠦ᠂ ᠬᠤᠨᠢ ᠲᠡᠵᠢᠬᠡᠬᠡᠳ ᠡᠯᠪᠡᠭ ᠬᠤᠷᠢᠶᠠᠯᠳᠠ ᠤᠯᠤᠭᠰᠠᠨ 25 ᠳᠠᠬᠢ ᠵᠢᠯ ᠤᠨ ᠬᠠᠪᠤᠷ ᠢᠶᠠᠨ ᠤᠭᠳᠤᠵᠦ ᠪᠤᠢ᠃ ᠤᠳᠤ ᠲᠡᠬᠦᠨ ᠤ ᠲᠡᠵᠢᠬᠡᠵᠦ ᠠᠷᠠᠴᠢᠯᠠᠵᠦ ᠪᠠᠶᠢᠭ᠎ᠠ ᠶᠡᠭᠡ ᠪᠠᠭ᠎ᠠ ᠬᠤᠨᠢ ᠨᠢ ᠨᠡᠶᠢᠯᠡᠬᠡᠳ 1700 ᠲᠤᠭ᠎ᠠ ᠲᠤᠯᠤᠭᠠᠢ ᠳᠤ ᠬᠦᠷᠴᠦ᠂ ᠪᠦᠬᠦ ᠪᠠᠯᠭᠠᠰᠤ ᠶᠢᠨ ᠮᠠᠯᠵᠢᠬᠤ ᠡᠷᠦᠬᠡ ᠶᠢᠨ ᠲᠤᠮᠳᠠ ᠪᠠᠨ ᠪᠠᠰᠠ ᠦᠵᠦᠬᠦᠷᠯᠡᠪᠠ᠃ ᠴᠢᠤᠸᠠᠨ ᠱᠠᠨ ᠤ ᠪᠦᠰᠡᠬᠦᠢ ᠶᠢᠨ ᠯᠢᠶᠠᠨ᠄ ︽ᠮᠠᠨ ᠤ ᠬᠢᠨ ᠬᠤᠷᠢᠨ ᠬᠡᠳᠦᠨ ᠵᠢᠯ ᠢᠶᠠᠷ ᠬᠤᠨᠢ ᠲᠡᠵᠢᠬᠡᠵᠦ ᠢᠷᠡᠭᠰᠡᠨ ᠭᠤᠤᠯ ᠰᠢᠯᠳᠠᠭᠠᠨ ᠤ ᠨᠢᠬᠡ ᠪᠤᠯ ᠲᠠᠷᠤᠢ ᠪᠡᠯᠴᠢᠬᠡᠷ ᠰᠡᠯᠬᠦᠵᠦ ᠲᠡᠵᠢᠬᠡᠵᠦ ᠠᠷᠠᠴᠢᠯᠠᠬᠤ ᠶᠢ ᠪᠠᠷᠢᠮᠳᠠᠯᠠᠵᠦ ᠢᠷᠡᠭᠰᠡᠨ ᠳᠤ ᠪᠠᠶᠢᠨ᠎ᠠ᠃ ᠮᠠᠯᠵᠢᠵᠦ ᠲᠡᠵᠢᠬᠡᠬᠦ ᠶᠢ ᠵᠤᠭᠰᠤᠭᠠᠵᠦ᠂ ᠬᠠᠰᠢᠶᠠᠯᠠᠵᠦ ᠲᠡᠵᠢᠬᠡᠬᠦ ᠶᠢ ᠵᠤᠷᠢᠭᠵᠢᠭᠤᠯᠬᠤ ᠪᠤᠯᠤᠭᠰᠠᠨ ᠤ ᠬᠤᠶᠢᠨ᠎ᠡ᠂ ᠪᠢᠳᠡ ᠵᠢᠯ ᠪᠦᠷᠢ ᠶᠢᠨ 5 ᠰᠠᠷ᠎ᠠ ᠳᠤ ᠶᠡᠭᠡ ᠪᠠᠭ᠎ᠠ ᠬᠤᠨᠢ ᠪᠠᠨ ᠲᠠᠭᠤᠭᠠᠳ᠂ ᠬᠦᠯᠦᠨ ᠪᠦᠢᠷ ᠤᠨ ᠲᠠᠯ᠎ᠠ ᠨᠤᠳᠤᠭ ᠲᠤ ᠬᠦᠷᠴᠦ᠂ ᠨᠤᠳᠤᠭ ᠪᠡᠯᠴᠢᠬᠡᠷ ᠬᠦᠯᠦᠰᠯᠡᠵᠦ᠂ 10 ᠰᠠᠷ᠎ᠠ ᠳᠤ ᠰᠠᠶ᠋ᠢ ᠪᠤᠴᠠᠵᠦ ᠢᠷᠡᠨ᠎ᠡ᠃ ᠪᠤᠴᠠᠵᠦ ᠢᠷᠡᠭᠰᠡᠨ ᠤ ᠲᠠᠷᠠᠭ᠎ᠠ᠂ ᠬᠠᠰᠢᠶ᠎ᠠ ᠰᠠᠷᠠᠪᠴᠢ ᠪᠠᠨ ᠵᠠᠰᠠᠵᠦ ᠰᠢᠨᠡᠳᠬᠡᠨ᠂ ᠡᠪᠡᠰᠦ ᠪᠤᠷᠳᠤᠭ᠎ᠠ ᠪᠠᠨ ᠪᠡᠯᠡᠳᠬᠡᠵᠦ᠂ ᠨᠤᠳᠤᠭ ᠲᠠᠭᠠᠨ ᠡᠪᠤᠯᠵᠢᠵᠦ᠂ ᠴᠠᠭᠠᠨ ᠰᠠᠷ᠎ᠠ ᠠᠴᠠ ᠡᠬᠢᠯᠡᠵᠦ ᠲᠦᠯ ᠲᠤᠰᠬᠤ ᠶᠠᠭᠠᠷᠠᠤ ᠬᠤᠭᠤᠴᠠᠭ᠎ᠠ ᠳᠠᠭᠠᠨ ᠤᠷᠤᠨ᠎ᠠ᠃ ᠦᠨᠡᠨ ᠳᠡᠭᠡᠨ᠂ ᠬᠤᠨᠢ ᠲᠠᠵᠢᠬᠡᠵᠦ ᠠᠷᠠᠴᠢᠯᠠᠬᠤ ᠨᠢ ᠮᠠᠰᠢ ᠵᠦᠳᠡᠷᠡᠯ ᠲᠠᠢ ᠶᠤᠮ᠃ ᠬᠡᠶ᠎ᠡ᠂ ᠵᠠᠬ᠎ᠠ ᠲᠡᠯᠬᠡᠬᠦᠷ ᠤᠨ ᠬᠤᠪᠢᠷᠠᠯᠳᠠ ᠶᠢᠨ ᠬᠠᠨᠳᠤᠰᠢ ᠶᠢ ᠰᠡᠷᠬᠡᠭ ᠢᠶᠠᠷ ᠡᠵᠡᠮᠳᠡᠵᠦ᠂ ᠴᠠᠭ ᠲᠤᠬᠠᠢ ᠳᠤᠨᠢ ᠦᠨᠳᠦᠷ ᠦᠨ᠎ᠡ ᠪᠠᠷ ᠬᠤᠨᠢ ᠪᠠᠨ ᠵᠠᠬ᠎ᠠ ᠲᠡᠯᠬᠡᠬᠦᠷ ᠲᠤ ᠭᠠᠷᠭᠠᠬᠤ ᠶᠢ ᠪᠡᠶᠡᠯᠡᠬᠦᠯᠦᠭᠰᠡᠬᠡᠷ᠂ ᠨᠢᠬᠡ ᠵᠢᠯ ᠤᠨ ᠶᠠᠳᠠᠷᠠᠯ ᠵᠦᠳᠡᠷᠡᠯ ᠠᠶᠠᠨᠳᠠᠭᠠᠨ ᠦᠬᠡᠢ ᠪᠤᠯᠴᠢᠬᠠᠨ᠎ᠠ︾ ᠬᠡᠵᠦ ᠰᠤᠷᠪᠤᠯᠵᠢᠯᠠᠭᠴᠢ ᠳᠤ ᠶᠠᠷᠢᠵᠦ ᠪᠠᠶᠢᠯ᠎ᠠ᠃      ᠴᠢᠤᠸᠠᠨ ᠱᠠᠨ ᠪᠠ ᠶᠢᠨ ᠯᠢᠶᠠᠨ ᠡᠷ᠎ᠡ ᠡᠮ᠎ᠡ ᠬᠤᠶᠠᠭᠤᠯᠠ᠂ ᠬᠤᠨᠢ ᠲᠡᠵᠢᠬᠡᠵᠦ ᠠᠷᠠᠴᠢᠯᠠᠬᠤ ᠳᠠᠭᠠᠨ ᠬᠤᠨᠢᠨ ᠤ ᠪᠠᠨ ᠬᠢᠵᠢᠭ ᠬᠡᠮ ᠢ ᠴᠠᠭ ᠲᠤᠬᠠᠢ ᠳᠤᠨᠢ ᠤᠷᠢᠳᠴᠢᠯᠠᠨ ᠰᠡᠷᠬᠡᠶᠢᠯᠡᠬᠦ ᠶᠢ ᠪᠠᠷᠢᠮᠳᠠᠯᠠᠵᠦ ᠢᠷᠡᠭᠰᠡᠨ ᠲᠡᠳᠦᠢ ᠦᠬᠡᠢ ᠪᠠᠰᠠ ᠡᠪᠡᠰᠦ ᠪᠤᠷᠳᠤᠭ᠎ᠠ ᠬᠦᠢᠴᠡᠳ ᠪᠡᠯᠡᠳᠬᠡᠬᠦ ᠶᠢ ᠤᠨᠴᠠ ᠬᠢᠴᠢᠶᠡᠳᠡᠭ ᠪᠠᠶᠢᠵᠠᠢ᠃ ᠨᠢᠳᠤᠨᠤᠨ ᠡᠪᠤᠯ ᠬᠤᠨᠢᠨ ᠰᠦᠷᠦᠭ ᠢᠶᠠᠨ ᠮᠡᠨᠳᠤ ᠡᠪᠤᠯᠵᠢᠬᠦᠯᠬᠦ ᠶᠢᠨ ᠲᠤᠰᠠᠳᠠ᠂ ᠲᠡᠳᠡᠨ ᠤ ᠬᠢᠨ ᠡᠪᠡᠰᠤ ᠪᠤᠷᠳᠤᠭ᠎ᠠ ᠬᠦᠢᠴᠡᠳ ᠪᠡᠯᠡᠳᠬᠡᠵᠦ᠂ ᠰᠢᠷ᠎ᠠ ᠪᠤᠷᠴᠠᠭ ᠤᠨ ᠡᠰᠢ ᠰᠦᠷᠡᠯ ᠢ ᠨᠡᠶᠢᠳᠡ 60 ᠲᠤᠨ ᠨᠦᠬᠡᠴᠡᠯᠡᠭᠰᠡᠨ ᠪᠠᠶᠢᠵᠠᠢ᠃ ᠤᠢᠢᠯᠠᠭᠠᠭᠰᠠᠨ ᠢᠶᠠᠷ᠂ 2023 ᠤᠨ ᠳᠤ ᠴᠢᠤᠸᠠᠨ ᠱᠠᠨ ᠪᠠ ᠶᠢᠨ ᠯᠢᠶᠠᠨ ᠡᠷ᠎ᠡ ᠡᠮ᠎ᠡ ᠬᠤᠶᠠᠭᠤᠯᠠ ᠶᠢᠨ ᠬᠤᠨᠢ ᠲᠡᠵᠢᠬᠡᠭᠰᠡᠨ ᠤᠷᠤᠯᠭ᠎ᠠ 30 ᠲᠦᠮᠡᠨ ᠲᠦᠬᠦᠷᠢᠭ ᠲᠤ ᠬᠦᠷᠴᠤ᠂ ᠬᠡᠷ ᠪᠦᠯᠢ ᠶᠢᠨ ᠬᠦᠮᠦᠨ ᠲᠤᠮᠳᠠᠴᠢ ᠶᠢᠨ ᠤᠷᠤᠯᠭ᠎ᠠ ᠨᠢ 10 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃
 
    ↓ ᠵᠢᠷᠤᠭ ᠲᠤ᠂ ᠴᠢᠣᠸᠠᠨ ᠱᠠᠨ ᠬᠤᠨᠢ ᠳᠠᠭᠠᠨ ᠡᠪᠡᠰᠤ ᠬᠠᠶᠠᠨ᠎ᠠ᠃      ᠤᠷᠤᠭᠰᠢᠯᠠᠯᠳᠠ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号