ᠦᠰᠦᠭ ᠪᠢᠴᠢᠭ ᠢᠶᠠᠷ ᠦᠭᠦᠯᠡᠬᠦᠢ᠄ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2024/5/9
   ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2023 ︺ 18 ᠳ᠋ᠤᠭᠠᠷ ᠲᠣᠭᠠᠲᠤ︶᠂ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2023 ︺ 26 ᠳ᠋ᠤᠭᠠᠷ ᠲᠣᠭᠠᠲᠤ︶ ᠪᠣᠯᠤᠨ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠬᠢᠩᠭᠠᠨ ᠵᠠᠬᠢᠷᠭ᠎ᠠ ᠥᠰᠥᠭ ︹ 2024 ︺ 31 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠭᠦ ᠲᠠᠯ᠎ᠠ ᠪᠠᠷ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠦᠯᠦᠭᠡ᠂ ᠡᠳᠦᠭᠡ ᠬᠠᠮᠢᠶ᠎ᠠ ᠪᠦᠬᠦᠢ ᠤᠴᠢᠷ ᠶᠠᠪᠤᠳᠠᠯ ᠢ ᠲᠤᠤᠷᠠᠬᠢ ᠮᠡᠳᠦ ᠮᠡᠳᠡᠭᠳᠡᠶ᠎ᠡ᠄    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠨ᠎ᠠ᠃    ᠬᠤᠶᠠᠷ᠂ ᠬᠠᠷᠠᠯᠲᠠ ᠡᠭᠦᠷᠭᠡ    ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠬᠠᠷᠠᠯᠲᠠ ᠶᠢᠨ ᠶᠣᠰᠣᠭᠠᠷ᠂ ᠳᠣᠤᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ᠂ ᠪᠥᠬᠦ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠢ ᠪᠠᠶᠢᠭᠤᠯᠵᠤ᠂ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠳᠡᠩᠰᠡᠯᠡᠨ ᠨᠡᠶᠢᠲᠡᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠭᠦᠯᠦᠨ᠎ᠡ᠃ ᠬᠤᠶᠠᠷ ᠲᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ ᠂ ᠬᠥᠳᠡᠯᠦᠩᠭᠦᠢ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ᠂ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠮᠠᠨ ᠤ ᠬᠤᠰᠢᠭᠤᠨ ᠤ ᠰᠣᠶᠣᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠎ᠠ᠃    ᠭᠤᠷᠪᠠ᠂ ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ ᠪᠣᠯᠤᠨ ᠠᠭᠤᠯᠭ᠎ᠠ    ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ ᠪᠣᠯ ᠮᠠᠨ ᠤ ᠬᠤᠰᠢᠭᠤᠨ ᠤ ᠬᠠᠷᠢᠶ᠎ᠠ ᠣᠷᠣᠨ ᠤ ᠭᠠᠵᠠᠷ ᠳᠡᠭᠡᠷᠡᠬᠢ᠂ ᠭᠠᠵᠠᠷ ᠲᠤᠤᠷᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠪᠣᠯᠤᠨ᠎ᠠ᠂ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠨ ᠮᠠᠭᠠᠳᠯᠠᠨ ᠲᠣᠭᠲᠠᠭᠠᠵᠤ ᠳᠠᠩᠰᠠᠯᠠᠨ᠎ᠠ᠃ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠵᠠᠶ ᠣᠷᠣᠨ ᠪᠠᠶᠢᠷᠢ᠂ ᠬᠠᠮᠠᠭᠠᠯᠠᠯᠲᠠ ᠶᠢᠨ ᠲᠠᠰ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃    ᠳᠥᠷᠪᠡ᠂ ᠴᠠᠭ ᠤᠨ ᠲᠣᠬᠢᠷᠠᠭᠤᠯᠤᠯᠲᠠ    ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢ 2023 ᠣᠨ ᠤ 11 ᠳ᠋ᠣᠭᠡᠷ ᠰᠠᠷ᠎ᠠ ᠠᠴᠠ ᠡᠬᠢᠯᠡᠵᠦ᠂ 2026 ᠣᠨ ᠤ 6 ᠳ᠋ᠣᠭᠠᠷ ᠰᠠᠷ᠎ᠠ ᠳᠤ ᠳᠠᠭᠤᠰᠬᠠᠬᠤ ᠪᠣᠯᠲᠠᠯ᠎ᠠ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ 2023 ᠣᠨ ᠤ 11 ᠳ᠋ᠣᠭᠡᠷ ᠰᠠᠷ᠎ᠠ ᠠᠴᠠ 2024 ᠣᠨ ᠤ 4 ᠳ᠋ᠣᠭᠡᠷ ᠰᠠᠷ᠎ᠠ ᠪᠣᠯᠲᠠᠯᠠᠬᠢ ᠬᠤᠭᠤᠴᠠᠭ᠎ᠠ ᠪᠣᠯ ᠨᠡᠶᠢᠳᠡᠮ ᠪᠠᠶᠢᠴᠠᠭᠠᠯᠲᠠ ᠶᠢᠨ ᠨᠢᠭᠡᠳᠦᠭᠡᠷ ᠱᠠᠲᠤ ᠪᠣᠯᠤᠨ᠎ᠠ᠂ ᠭᠤᠤᠯ ᠡᠭᠦᠷᠭᠡ ᠪᠣᠯ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠠ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠵᠣᠬᠢᠶᠠᠨ ᠪᠠᠶᠢᠭᠤᠯᠤᠨ ᠣᠷᠣᠯᠴᠠᠭᠤᠯᠤᠨ᠎ᠠ᠃ 2024 ᠣᠨ ᠤ 5 ᠳ᠋ᠣᠭᠠᠷ ᠰᠠᠷ᠎ᠠ ᠠᠴᠠ 2025 ᠣᠨ ᠤ 5 ᠳ᠋ᠣᠭᠠᠷ ᠰᠠᠷ᠎ᠠ ᠪᠣᠯᠲᠠᠯᠠᠬᠢ ᠬᠤᠭᠤᠴᠠᠭ᠎ᠠ ᠪᠤᠯ ᠨᠡᠶᠢᠳᠡᠮ ᠪᠠᠶᠢᠴᠠᠭᠠᠯᠲᠠ ᠶᠢᠨ ᠬᠤᠶᠠᠳᠤᠭᠠᠷ ᠱᠠᠲᠤ ᠪᠣᠯᠤᠨ᠎ᠠ᠂ ᠭᠤᠤᠯ ᠡᠭᠦᠷᠭᠡ ᠪᠣᠯ ᠮᠠᠨ ᠤ ᠬᠤᠰᠢᠭᠤᠨ ᠤ ᠬᠠᠷᠢᠶ᠎ᠠ ᠭᠠᠵᠠᠷ ᠤᠨ ᠰᠤᠮᠤ ᠰᠢᠶᠠᠩ ᠪᠠᠯᠭᠠᠰᠤ ᠪᠠᠷ ᠦᠨᠳᠦᠰᠦᠨ ᠨᠢᠭᠡᠴᠢ ᠪᠣᠯᠭᠠᠵᠤ᠂ ᠲᠤᠬᠠᠶ ᠶᠢᠨ ᠭᠠᠵᠠᠷ ᠲᠤᠨᠢ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠬᠢᠨ᠎ᠠ᠃ 2025 ᠣᠨ ᠤ 6 ᠳ᠋ᠤᠭᠠᠷ ᠰᠠᠷ᠎ᠠ ᠠᠴᠠ 2026 ᠣᠨ ᠤ 6 ᠳ᠋ᠤᠭᠠᠷ ᠰᠠᠷ᠎ᠠ ᠪᠣᠯᠲᠠᠯᠠᠬᠢ ᠬᠤᠭᠤᠴᠠᠭ᠎ᠠ ᠪᠣᠯ ᠨᠡᠶᠢᠳᠡᠮ ᠪᠠᠶᠢᠴᠠᠭᠠᠯᠲᠠ ᠶᠢᠨ ᠭᠤᠷᠪᠠᠳᠤᠭᠠᠷ ᠱᠠᠲᠤ ᠪᠣᠯᠤᠨ᠎ᠠ᠂ ᠭᠤᠤᠯ ᠡᠭᠦᠷᠭᠡ ᠪᠣᠯ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠬᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠢ ᠪᠠᠶᠢᠭᠤᠯᠤᠨ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠨ᠎ᠡ᠃ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠤᠰᠢ ᠥᠬᠡᠶ ᠴᠢᠬᠤᠯᠠ ᠲᠡᠤᠬᠡ ᠶᠢᠨ ᠳᠤᠷᠠᠰᠬᠠᠯᠲᠤ ᠵᠦᠢᠯᠡᠰ ᠢ ᠵᠣᠬᠢᠬᠤ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠴᠠᠭ ᠲᠤᠨᠢ ᠳᠣᠭᠢᠷᠠᠭᠤᠯᠤᠨ ᠬᠢᠨᠠᠨ ᠲᠣᠭᠲᠠᠭᠠᠵᠤ ᠨᠡᠶᠢᠲᠡᠯᠡᠨ᠎ᠡ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠠᠬᠢ ᠬᠠᠮᠤᠭ ᠤᠨ ᠶᠡᠭᠡ ᠬᠡᠪᠴᠢᠶᠡᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯᠯᠠᠭᠠᠨ ᠪᠤᠯᠤᠨ᠎ᠠ᠃ ᠤᠯᠤᠰ ᠤᠨ ᠲᠡᠦᠬᠡ ᠰᠣᠶᠣᠯ ᠤᠨ ᠥᠪ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠣᠶᠣᠯ  ᠤᠨ ᠦᠵᠡᠰᠬᠦᠯᠡᠩ ᠤᠨ ᠨᠢᠭᠡᠴᠢ ᠪᠠᠷ ᠭᠤᠣᠯᠯᠠᠭᠤᠯᠬᠤ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠦᠴᠦ ᠪᠠᠨ ᠬᠠᠮᠲᠤᠳᠬᠠᠨ ᠬᠠᠮᠵᠢᠯᠴᠠᠬᠤ ᠲᠤᠮᠤ ᠶᠠᠪᠤᠳᠠᠯ  ᠪᠤᠯᠤᠨ᠎ᠠ᠂ ᠡᠯ᠎ᠡ ᠬᠤᠯᠪᠣᠭᠳᠠᠯ ᠪᠥᠬᠦᠢ ᠨᠢᠭᠡᠴᠢ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠳᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠢᠶᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠲᠤᠭᠳᠠᠭᠠᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠤᠰᠠᠳᠠ᠂ ᠵᠠᠯᠠᠶᠢᠳ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠶᠢ ᠬᠠᠷᠢᠭᠤᠴᠠᠭᠤᠯᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠳᠦᠷ ᠲᠤᠲᠤᠮ ᠤᠨ ᠵᠣᠬᠢᠶᠠᠨ ᠪᠠᠶᠢᠭᠤᠯᠤᠯᠲᠠ ᠪᠠ ᠪᠣᠳᠠᠲᠠᠶ ᠵᠣᠬᠢᠴᠠᠭᠤᠯᠭ᠎ᠠ ᠶᠢ ᠬᠠᠷᠢᠭᠤᠴᠠᠭᠤᠯᠬᠤ ᠬᠡᠷᠡᠭᠳᠡᠢ᠃    ︵ᠭᠤᠷᠪᠠ︶ ᠵᠠᠷᠤᠳᠠᠯ ᠤᠨ ᠲᠥᠰᠦᠪ ᠢ ᠨᠠᠶᠢᠳᠠᠪᠤᠷᠢᠵᠢᠭᠤᠯᠤᠨ᠎ᠠ᠃ ︽ᠬᠢᠩᠭᠠᠨ ᠠᠶᠢᠮᠠᠭ ᠤᠨ ᠣᠯᠠᠨ ᠨᠡᠶᠢᠲᠡ ᠶᠢᠨ ᠰᠣᠶᠣᠯ ᠤᠨ ᠬᠦᠷᠢᠶ᠎ᠡ ᠬᠢᠭᠡᠳ ᠬᠤᠰᠢᠭᠤ ᠰᠢᠶᠠᠨ ᠬᠤᠲᠠ ᠶᠢᠨ ᠡᠳ᠋ ᠤᠨ ᠵᠠᠰᠠᠭ ᠤᠨ ᠠᠵᠢᠯ ᠤᠨ ᠡᠷᠬᠡ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ᠶᠣᠰᠣᠭᠠᠷ᠂ ᠬᠤᠰᠢᠭᠤᠨ  ᠤ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠵᠠᠷᠤᠳᠠᠯ ᠤᠨ ᠱᠠᠭᠠᠷᠳᠠᠯᠭ᠎ᠠ ᠳᠤᠷᠠᠳᠴᠤ᠂ ᠨᠡᠶᠢᠳᠡᠮ ᠪᠠᠶᠢᠴᠠᠭᠠᠯᠲᠠ ᠶᠢᠨ ᠳᠤᠭᠤᠶᠢᠯᠠᠩ ᠵᠢᠴᠢ ᠠᠯᠪᠠᠨ ᠬᠡᠷ ᠨᠢ ᠡᠳ᠋ ᠤᠨ ᠵᠠᠰᠠᠭ ᠤᠨ ᠲᠦᠷᠢᠮ ᠤᠨ ᠲᠣᠭᠲᠠᠭᠠᠯ ᠶᠣᠰᠣᠭᠠᠷ᠂ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃    ︵ᠲᠥᠷᠪᠡ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠭᠤᠨ ᠪᠠᠶᠢᠯᠭᠠᠨ᠎ᠠ᠃ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠠᠷᠢᠶ᠎ᠠ ᠣᠷᠣᠨ ᠤ ᠳᠣᠲᠣᠷᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠤᠭ᠎ᠠ ᠬᠡᠮᠵᠢᠶ᠎ᠡ᠂ ᠲᠠᠷᠬᠠᠯᠲᠠ᠂ ᠡᠩᠨᠡᠭᠡ ᠶᠢᠨ ᠠᠵᠢᠯᠲᠠᠨ ᠤ ᠲᠤᠭ᠎ᠠ ᠬᠡᠮᠵᠢᠶ᠎ᠡ᠂ ᠲᠤᠰᠬᠠᠶ ᠮᠡᠷᠭᠡᠵᠢᠯ ᠤᠨ ᠬᠡᠮᠵᠢᠶ᠎ᠡ ᠵᠡᠷᠭᠡ ᠪᠣᠳᠠᠲᠠᠶ ᠪᠠᠶᠢᠳᠠᠯ ᠢ ᠭᠦᠢᠴᠡᠳ ᠪᠣᠳᠣᠯᠬᠢᠯᠠᠵᠤ᠂ ᠨᠥᠬᠦᠴᠡᠯ ᠳᠤ ᠨᠡᠶᠢᠴᠡᠬᠦ ᠠᠵᠢᠯᠲᠠᠨ ᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠥᠬᠦᠶ ᠨᠢᠭᠡᠴᠢ ᠠᠴᠠ ᠵᠥᠪᠳᠡᠯᠴᠡᠵᠦ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ ᠪᠣᠯᠤᠨ᠎ᠠ᠃ ᠤᠷᠢᠨ ᠬᠡᠷᠡᠭᠯᠡᠬᠦ ᠬᠥᠮᠦᠰ ᠤᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠠᠴᠠ ᠭᠠᠷᠭᠠᠵᠤ᠂ ᠤᠷᠢᠨ ᠬᠡᠷᠡᠭᠯᠡᠬᠦ ᠨᠢᠭᠡᠴᠢ ᠠᠴᠠ ᠭᠠᠷᠭᠠᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠯᠤᠭ᠎ᠠ ᠬᠤᠷᠰᠢᠯᠴᠠᠨ ᠬᠠᠮᠢᠶ᠎ᠠ ᠪᠥᠬᠦᠢ ᠲᠤᠰᠬᠠᠶ ᠮᠡᠷᠭᠡᠵᠢᠯ ᠤᠨ ᠰᠤᠷᠤᠭᠴᠢᠳ ᠢ ᠲᠣᠬᠢᠷᠠᠭᠤᠯᠵᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠵᠢᠭᠠᠨ ᠰᠤᠷᠭᠠᠬᠤ ᠳᠠᠳᠤᠯᠭ᠎ᠠ ᠶᠢᠨ ᠬᠢᠴᠢᠶᠡᠯ ᠪᠣᠯᠭᠠᠵᠤ ᠪᠣᠯᠤᠨ᠎ᠠ᠃   ︵ᠲᠠᠪᠤ︶ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠡᠯ᠎ᠡ ᠰᠤᠮᠤ ᠰᠢᠶᠠᠩ ᠪᠠᠯᠭᠠᠰᠤ ︵ᠲᠥᠪ︶ ᠪᠣᠯ ᠲᠣᠰ ᠭᠠᠵᠠᠷ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠨ᠎ᠡ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠵᠦ᠂ ᠠᠵᠢᠯ ᠤᠨ ᠶᠠᠪᠤᠴᠠ ᠶᠢ ᠵᠢᠷᠤᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠶᠠᠮᠠᠷᠪᠠ ᠪᠠᠶᠢᠭᠤᠯᠭ᠎ᠠ ᠨᠢᠭᠡᠴᠢ ᠪᠤᠶᠤ ᠬᠤᠪᠢ ᠬᠥᠮᠦᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠭᠠᠷ ᠲᠦᠷᠦᠭᠦ ᠶᠢ ᠡᠷᠡᠰ ᠬᠤᠷᠢᠭᠯᠠᠵᠤ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠥᠭᠡᠷᠡᠲᠦᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶᠢᠬᠤ ᠶᠢ  ᠦᠨᠡᠨ ᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠡᠩᠨᠡᠭᠡᠨ ᠤ ᠠᠵᠢᠯᠲᠠᠳ ᠬᠠᠮᠢᠶ᠎ᠠ ᠪᠥᠬᠦᠶ ᠲᠤᠭ᠎ᠠ ᠪᠠᠷᠢᠮᠲᠠ ᠪᠠ ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠭᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠴᠠᠭᠠᠵᠠ ᠰᠠᠬᠢᠯᠭ᠎ᠠ ᠪᠠᠳᠤ ᠶᠣᠰᠣᠭᠠᠷ ᠰᠢᠢᠳᠪᠤᠷᠢᠯᠡᠬᠦ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠳᠠ ᠶᠢᠨ ᠶᠠᠪᠤᠴᠠ ᠳᠤ᠂ ᠬᠡᠷᠪᠡ ᠵᠣᠷᠢᠭᠤᠳᠠ ᠡᠪᠳᠡᠯᠡᠭᠰᠡᠨ᠂ ᠬᠢᠨᠠᠨ ᠬᠠᠮᠢᠶᠠᠷᠤᠭᠰᠠᠨ ᠨᠢ ᠰᠤᠯᠠ ᠵᠡᠷᠭᠡ ᠰᠢᠯᠲᠠᠭᠠᠨ ᠠᠴᠠ ᠪᠤᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠯᠡᠭᠡ ᠳᠤ ᠤᠴᠠᠷᠠᠭᠤᠯᠤᠭᠰᠠᠨ᠂ ᠬᠦᠴᠦᠨ ᠦᠭᠡᠢ ᠪᠣᠯᠭᠠᠭᠰᠠᠨ᠂ ᠤᠰᠠᠳᠬᠠᠵᠤ ᠭᠡᠭᠡᠭᠳᠡᠭᠦᠯᠦᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠶᠢᠨ ᠬᠠᠮᠲᠤ ᠬᠠᠤᠯᠢ ᠴᠠᠭᠠᠵᠠ ᠰᠠᠬᠢᠯᠭ᠎ᠠ ᠪᠠᠳᠤ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠬᠡᠷᠡᠭᠲᠡᠶ᠃    ᠳᠠᠭᠠᠯᠳᠤᠭᠤᠯᠤᠯ᠄ ᠵᠠᠯᠠᠶᠢᠳ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ                                       2024 ᠣᠨ ᠤ 2 ᠰᠠᠷ᠎ᠠ ᠶᠢᠨ 19 ᠤ ᠡᠳᠦᠷ     ︵ᠨᠠᠷᠢᠨ ᠠᠭᠤᠯᠭ᠎ᠠ ᠶᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ  ᠠᠴᠠ ᠠᠩᠬᠠᠷᠤᠭᠠᠷᠠᠢ︶
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号