| | ᠤᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠬᠥ᠋ ᠮᠢᠶᠣᠣ ᠲᠣᠰᠬᠤᠨ ᠤ ᠨᠠᠮ ᠤᠨ | ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠡᠤ ᠶᠤᠸᠠᠢ ᠹᠦ᠋ ᠲᠠᠷᠢᠶᠠᠨ ᠭᠠᠵᠠᠷ ᠢᠶᠠᠷ | ᠬᠦᠨᠵᠡᠭᠡᠶᠢᠷᠡᠨ ᠠᠷᠠᠳ ᠤᠨ ᠪᠠᠶᠢᠳᠠᠯ ᠢ ᠤᠶᠢᠯᠠᠭᠠᠬᠤ᠂ ᠠᠵᠤ ᠠᠬᠤᠶᠢᠯᠠᠯ ᠳᠤ ᠬᠦᠷᠴᠣ ᠪᠣᠳᠤᠯ ᠰᠠᠨᠠᠯ ᠢᠶᠠᠨ | ᠰᠣᠯᠢᠯᠴᠠᠬᠤ ᠵᠡᠷᠭᠡ ᠡᠯ᠎ᠡ ᠲᠠᠯ᠎ᠠ ᠶᠢᠨ ᠬᠡᠷᠡᠭᠴᠡᠭᠡ ᠶᠢ ᠤᠶᠢᠯᠠᠭᠠᠨ᠎ᠠ᠃ | ︽ᠥᠩᠭᠡᠷᠡᠭᠰᠡᠨ ᠳᠤ᠂ ᠵᠠᠷᠢᠮ ᠲᠣᠰᠬᠤᠨ ᠤ ᠠᠷᠠᠳ ᠬᠤᠰᠢᠭᠤ ᠪᠠᠯᠭᠠᠰᠤᠨ ᠤ ᠬᠠᠮᠢᠶ᠎ᠠ ᠪᠥᠬᠦᠶ ᠰᠠᠯᠠᠭ᠎ᠠ | ᠮᠥᠴᠢᠷ ᠲᠤ ᠬᠦᠷᠴᠦ ᠠᠵᠢᠯ ᠶᠠᠪᠤᠳᠠᠯ ᠭᠦᠢᠴᠡᠳᠭᠡᠬᠦ ᠳᠤ᠂ ᠦᠷᠭᠦᠯᠵᠢ ᠤᠷᠢᠳᠠᠪᠠᠷ ᠲᠣᠰᠬᠤᠨ ᠢ ᠡᠷᠢᠵᠦ ᠭᠡᠷᠡᠴᠢ | ᠬᠢᠯᠭᠡᠬᠦ ᠱᠠᠭᠠᠷᠳᠠᠯᠭ᠎ᠠ ᠭᠠᠷᠭᠠᠪᠠ᠂ ᠭᠡᠪᠡᠴᠦ ᠵᠠᠷᠢᠮ ᠭᠡᠷᠡᠴᠢᠯᠡᠬᠦ ᠵᠦᠢᠯᠡᠰ ᠢ ᠪᠢᠳᠡ ᠪᠠᠰᠠ ᠬᠢᠨᠠᠨ ᠬᠠᠷᠭᠤᠭᠤᠯᠬᠤ | ᠴᠢᠳᠠᠪᠤᠷᠢ ᠥᠬᠡᠶ᠃ ᠤᠳᠤ ᠲᠣᠰᠬᠤᠨ ᠤ ᠲᠡᠰ ᠤᠨ ᠡᠭᠦᠷᠭᠡᠯᠡᠬᠦ ᠳᠤ ᠲᠣᠬᠢᠷᠠᠬᠤ ᠦᠭᠡᠢ 4 ᠵᠦᠢᠯᠡᠰ ᠢ ᠬᠠᠰᠤᠨ | ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠭᠤᠳ ᠭᠦᠢᠴᠡᠳᠬᠡᠬᠦ ᠵᠦᠢᠯᠡᠰ ᠢ 30 ᠵᠦᠢᠯ | ᠪᠠᠶᠢᠭᠰᠠᠨ ᠠᠴᠠ 18 ᠵᠦᠢᠯ ᠪᠣᠯᠭᠠᠨ ᠪᠠᠭᠠᠰᠬᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠵᠦᠢᠯᠡᠰ ᠢ 70 ᠵᠦᠢᠯ ᠪᠠᠶᠢᠭᠰᠠᠨ ᠠᠴᠠ 22 ᠵᠦᠢᠯ ᠪᠣᠯᠭᠠᠨ ᠪᠠᠭᠠᠰᠬᠠᠵᠤ᠂ ᠡᠨᠡ ᠨᠢ ᠪᠢᠳᠡᠨ ᠳᠤ ᠴᠥᠭᠡᠨ ᠪᠤᠰᠤ | ᠳᠠᠷᠤᠭᠠᠰᠤ ᠶᠢ ᠬᠥᠩᠭᠡᠯᠡᠪᠡ︾ ᠭᠡᠵᠤ ᠦ᠋ ᠶᠤᠸᠠᠢ ᠹᠦ᠋ ᠬᠡᠯᠡᠵᠡᠢ᠃ ᠡᠳᠦᠭᠡ᠂ ᠬᠥ᠋ ᠮᠢᠶᠣᠣ ᠲᠣᠰᠬᠤᠨ ᠨᠢᠭᠡᠳᠦᠯᠲᠡᠶ | ᠲᠣᠭᠲᠠᠭᠠᠭᠰᠠᠨ ᠫᠠᠶᠢᠰᠠ ᠡᠯᠭᠦᠬᠦ ᠠᠴᠠ ᠭᠠᠳᠠᠨ᠎ᠠ᠂ ︽ᠰᠣᠶᠣᠯ ᠤᠨ ᠠᠵᠢᠯᠯᠠᠭᠠᠨ ᠤ ᠲᠠᠰᠤᠭ᠂ ᠮᠥᠩᠭᠦᠨ | ᠭᠦᠢᠯᠭᠡᠭᠡᠨ ᠤ ᠬᠢᠴᠢᠶᠡᠯ ᠤᠨ ᠲᠠᠩᠬᠢᠮ︾ ᠵᠡᠷᠭᠡ ᠬᠤᠭᠤᠰᠣᠨ ᠫᠠᠶᠢᠰᠠ ᠡᠯᠭᠦᠵᠦ᠂ ᠵᠥᠪᠬᠡᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠥᠷᠲᠡᠭᠡ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠵᠡᠷᠭᠡ 6 ᠫᠠᠶᠢᠰᠠ ᠶᠢ | ᠦᠯᠡᠳᠡᠭᠡᠪᠡ᠃ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠳᠠ ᠶᠢᠨ ᠦᠨᠳᠦᠰᠦᠨ ᠱᠠᠲᠤᠨ ᠤ ᠵᠠᠰᠠᠯᠲᠠ ᠶᠢ ᠲᠠᠶᠢᠴᠢᠯᠠᠨ | ᠳᠠᠭᠠᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠬᠦᠯᠬᠦ ᠶᠢᠨ ᠲᠥᠯᠥᠭᠡ᠂ ᠡᠨᠡ ᠵᠢᠯ ᠠᠴᠠ ᠨᠠᠰᠢ᠂ | ᠬᠤᠰᠢᠭᠤᠨ ᠤ ᠨᠠᠮ ᠤᠨ ᠬᠤᠷᠢᠶ᠎ᠠ ᠲᠦᠪᠡᠭᠲᠡᠢ ᠠᠰᠠᠭᠤᠳᠠᠯ ᠢ ᠰᠢᠢᠳᠪᠤᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠯᠢᠳᠡᠭᠵᠢᠭᠦᠯᠦᠨ ᠴᠤᠮᠬᠠᠳᠬᠠᠬᠤ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠵᠦ ᠠᠷᠠᠳ ᠤᠨ | ᠲᠥᠯᠥᠭᠡ ᠪᠠᠶᠢᠬᠤ ᠤᠳᠤᠷᠢᠳᠤᠮᠵᠢ ᠶᠢ ᠲᠤᠪᠤᠶᠢᠯᠭᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠤ᠂ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ | ᠺᠠᠳ᠋ᠷᠴᠤᠳ ᠢ ᠨᠠᠩ ᠣᠯᠠᠨ ᠣᠶᠤᠨ ᠴᠢᠳᠠᠯ ᠢᠶᠠᠨ ᠠᠵᠢᠯ ᠶᠠᠪᠤᠳᠠᠯ ᠬᠢᠬᠦ᠂ ᠣᠯᠠᠨ ᠲᠦᠮᠡᠨ ᠳᠤ ᠦᠢᠯᠡᠴᠢᠯᠡᠬᠦ | ᠳᠡᠭᠡᠷ᠎ᠡ ᠲᠥᠪᠯᠡᠷᠡᠭᠦᠯᠵᠦ᠂ ᠦᠨᠳᠦᠰᠦᠨ ᠱᠠᠲᠤᠨ ᠳᠤ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ᠂ ᠦᠷ᠎ᠡ | ᠪᠦᠲᠦᠮᠵᠢ ᠶᠢ ᠨᠡᠮᠡᠭᠳᠡᠭᠦᠯᠬᠦ ᠪᠠᠷ ᠴᠢᠷᠮᠠᠶᠢᠪᠠ᠃ | ᠥᠷᠯᠥᠭᠡ ᠡᠷᠳᠡ᠂ ᠵᠠᠯᠠᠶᠢᠳ ᠬᠤᠰᠢᠭᠤᠨ ᠤ ᠠᠯᠳᠠᠷᠲᠣ ᠰᠤᠮᠤ ᠶᠢ ᠳᠠᠭᠠᠭᠠᠴᠢᠯᠠᠨ ᠬᠤᠯᠪᠣᠭᠠᠯᠠᠭᠰᠠᠨ | ᠬᠤᠯᠤᠰᠤᠲᠠᠢ ᠭᠠᠴᠠᠭᠠᠨ ᠤ ᠺᠠᠳ᠋ᠷ ᠵᠤᠤ ᠴᠣᠯᠮᠣᠨ᠂ ᠭᠤᠤᠨᠢ ᠭᠠᠭᠴᠠᠭᠠᠷ ᠰᠠᠭᠤᠭ᠎ᠠ ᠨᠠᠰᠤᠲᠠᠨ ᠾᠧ ᠴᠡᠴᠡᠭ ᠤᠨ | ᠭᠡᠷ ᠲᠤ ᠬᠦᠷᠴᠦ᠂ ᠳᠡᠭᠡᠷ᠎ᠡ ᠣᠳᠠᠭ᠎ᠠ ᠲᠡᠭᠦᠨ ᠢᠶᠠᠷ ᠣᠷᠣᠯᠠᠨ ᠭᠦᠢᠴᠡᠳᠭᠡᠭᠦᠯᠦᠭᠰᠡᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠦᠨᠡᠮᠯᠡᠯ ᠢ ᠨᠠᠰᠤᠳᠠᠨ ᠳᠤ ᠭᠠᠷᠳᠠᠭᠤᠯᠤᠯ᠎ᠠ᠃ ︽ᠡᠶᠢᠮᠦ ᠲᠦᠷᠭᠡᠨ ᠪᠠᠶᠡᠯᠡᠭᠦᠯᠵᠤ ᠦᠭᠭᠦᠭᠰᠡᠨ | ᠳᠤ ᠶᠡᠬᠡᠳᠡ ᠲᠠᠯᠠᠷᠬᠠᠵᠤ ᠪᠠᠶᠢᠨ᠎ᠠ︾ ᠭᠡᠵᠤ ᠾᠧ ᠴᠡᠴᠡᠭ ᠬᠡᠯᠡᠵᠤ ᠪᠠᠶᠢᠯ᠎ᠠ᠃ | ᠸᠠᠩ ᠵᠢᠶᠠ ᠹᠧᠩ ᠤᠨ ᠲᠠᠨᠢᠯᠴᠠᠭᠤᠯᠤᠭᠰᠠᠨ ᠢᠶᠠᠷ᠂ ᠵᠠᠯᠠᠶᠢᠳ ᠬᠤᠰᠢᠭᠤ ᠠᠶᠢᠮᠠᠭ ᠤᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠳᠠᠷᠤᠮᠠᠯᠯᠠᠨ ᠲᠠᠷᠬᠠᠭᠠᠭᠰᠠᠨ ︽ᠨᠠᠮ ᠤᠨ ᠪᠠᠶᠢᠭᠤᠯᠤᠯᠳᠠ ᠪᠠᠷ | ᠦᠨᠳᠦᠰᠦᠨ ᠱᠠᠲᠤᠨ ᠤ ᠵᠠᠰᠠᠯᠲᠠ ᠶᠢ ᠲᠠᠶᠢᠴᠢᠯᠠᠨ ᠳᠠᠭᠠᠭᠤᠯᠬᠤ 16 ᠵᠦᠢᠯ ᠤᠨ ᠠᠷᠭ᠎ᠠ ᠬᠡᠮᠵᠢᠶ᠎ᠡ︾ ᠶᠢ | ᠰᠠᠶᠢᠳᠦᠷ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ | ᠲᠤᠲᠤᠷᠬᠠᠶᠢᠯᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ ᠨᠡᠶᠢᠭᠡᠮ ᠲᠣᠭᠤᠷᠢᠭ︶ ᠤ ᠡᠭᠦᠷᠭᠡ | ᠬᠠᠷᠢᠭᠤᠴᠠᠯᠭ᠎ᠠ ᠶᠢᠨ ᠡᠷᠬᠡ ᠮᠡᠳᠡᠯ ᠢ ᠰᠢᠯᠢᠳᠡᠭᠵᠢᠭᠦᠯᠵᠦ᠂ ᠬᠢᠨᠠᠨ ᠰᠢᠯᠭᠠᠵᠤ ᠱᠠᠯᠠᠪᠳᠠᠭᠤᠯᠤᠨ ᠪᠠᠶᠢᠴᠠᠭᠠᠬᠤ᠂ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠲᠤᠰᠬᠠᠶ | ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠤᠮᠤ ᠰᠢᠶᠠᠩ ᠪᠠᠯᠭᠠᠰᠤᠨ ᠤ ᠡᠷᠬᠡ ᠬᠠᠷᠢᠭᠤᠴᠠᠯᠭ᠎ᠠ ᠶᠢᠨ ᠬᠡᠷᠡᠭ | ᠶᠠᠪᠤᠳᠠᠯ ᠢ 265 ᠵᠦᠢᠯ᠂ ᠦᠢᠯᠡᠴᠢᠯᠡᠭᠡᠨ ᠤ ᠬᠡᠷᠡᠭ ᠶᠠᠪᠤᠳᠠᠯ ᠢ 426 ᠵᠦᠢᠯ᠂ ᠪᠥᠬᠦ ᠬᠤᠰᠢᠭᠤᠨ ᠤ ᠴᠢᠨᠠᠷᠲᠠᠶ | ᠱᠠᠯᠠᠪᠳᠠᠭᠤᠯᠤᠨ ᠪᠠᠶᠢᠴᠠᠭᠠᠬᠤ ᠠᠵᠢᠯ ᠢ ᠠᠳᠠᠯᠢ ᠬᠤᠭᠤᠴᠠᠭᠠᠨ ᠤ ᠬᠢ ᠠᠴᠠ 27 ᠵᠦᠢᠯ ᠪᠠᠭᠠᠰᠬᠠᠪᠠ᠃ | ᠠᠷᠪᠡᠨᠭᠡᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠶ ᠢᠦᠶ ᠴᠢᠩ᠂ ︽ ᠤᠳᠤ᠂ ᠬᠤᠷᠠᠯ ᠴᠥᠭᠡᠨ | ᠪᠤᠯᠵᠠᠢ᠂ ᠲᠡᠭᠡᠭᠰᠢ ᠮᠡᠳᠡᠭᠦᠯᠬᠦ ᠬᠦᠰᠦᠨᠦᠭᠲᠦ ᠮᠠᠲ᠋ᠧᠷᠢᠶᠠᠯ ᠴᠤ ᠴᠥᠭᠡᠨ ᠪᠤᠯᠵᠠᠢ᠂ ᠪᠠᠯᠭᠠᠰᠤᠨ ᠤ ᠺᠠᠳ᠋ᠷ ᠠᠵᠢᠯᠳᠠᠨ ᠤ | ᠠᠵᠢᠯ ᠤᠨ ᠢᠳᠡᠪᠬᠢᠵᠢᠯ ᠳᠡᠭᠡᠭᠰᠢᠯᠡᠵᠦ᠂ ᠠᠶᠢᠯ ᠡᠷᠦᠬᠡ ᠪᠠᠷ ᠭᠦᠨᠵᠡᠭᠡᠶᠢᠷᠡᠬᠦ ᠴᠠᠭ ᠲᠠᠢ ᠪᠤᠯᠤᠯ᠎ᠠ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠶᠢᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠳᠡᠭᠡᠭᠰᠢᠯᠡᠪᠡ︾ | ᠭᠡᠵᠤ ᠠᠵᠢᠯ ᠤᠨ ᠲᠤᠬᠠᠶ ᠤᠶᠢᠯᠠᠭᠠᠯᠳᠠ ᠪᠠᠨ ᠲᠠᠨᠢᠯᠴᠠᠭᠤᠯᠵᠤ ᠪᠠᠶᠢᠯ᠎ᠠ᠃ | ︽ᠪᠢᠳᠡ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠ ᠠᠵᠢᠯ ᠤᠨ ᠶᠠᠪᠤᠴᠠ ᠪᠠᠨ ᠦᠷᠭᠦᠯᠵᠢᠯᠡᠨ | ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠬᠤᠶᠠᠷ ᠱᠠᠲᠤᠨ ᠤ ᠵᠣᠬᠢᠶᠠᠨ ᠪᠠᠶᠢᠭᠤᠯᠤᠯᠳᠠ ᠶᠢᠨ ᠠᠵᠢᠯᠯᠠᠭᠠᠨ ᠢ | ᠵᠢᠷᠤᠮᠵᠢᠭᠤᠯᠵᠤ᠂ ᠡᠭᠦᠷᠭᠡ ᠬᠠᠷᠢᠭᠤᠴᠠᠯᠭ᠎ᠠ ᠶᠢ ᠤᠯᠠᠮ ᠴᠢᠨᠠᠭᠰᠢᠳᠠ ᠡᠮᠬᠢᠯᠡᠵᠦ᠂ ᠬᠡᠯᠪᠡᠷᠢᠴᠢ ᠦᠵᠡᠯ ᠨᠣᠶᠠᠨᠴᠢ | ᠰᠤᠷᠲᠠᠯ ᠢ ᠡᠷᠡᠰ ᠵᠠᠯᠠᠷᠠᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ | ᠺᠠᠳ᠋ᠷᠴᠤᠳ ᠤᠨ ᠨᠡᠩ ᠤᠯᠠᠨ ᠤᠶᠤᠨ ᠴᠢᠳᠠᠯ ᠢᠶᠠᠨ ᠠᠵᠢᠯ ᠬᠢᠵᠦ᠂ ᠤᠯᠠᠨ ᠲᠦᠮᠡᠨ ᠳᠤ ᠦᠢᠯᠡᠴᠢᠯᠡᠭᠦᠯᠬᠦ | ᠲᠡᠭᠡᠷ᠎ᠡ ᠲᠦᠪᠯᠡᠷᠡᠭᠦᠯᠵᠤ᠂ ᠬᠤᠶᠠᠷ ᠶᠡᠭᠡ ᠶᠠᠪᠤᠳᠠᠯ ᠢ ᠰᠠᠶᠢᠳᠦᠷ ᠬᠢᠬᠦ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠳᠠ ᠶᠢᠨ ᠪᠠᠲᠤᠯᠠᠭ᠎ᠠ ᠬᠠᠩᠭᠠᠨ᠎ᠠ︾ ᠭᠡᠵᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠰᠢᠤᠢ ᠳ᠋ᠦᠩ ᠬᠡᠯᠡᠵᠤ ᠪᠠᠶᠢᠯ᠎ᠠ᠃ | ᠪᠠᠢ ᠢᠦᠢ ᠯᠢᠶᠠᠩ ᠮᠡᠳᠡᠭᠡᠯᠡᠪᠡ |