ᠵᠠᠯᠠᠶᠢᠳ ᠬᠤᠰᠢᠭᠤ ᠬᠠᠤᠯᠢ ᠴᠠᠭᠠᠵᠠ ᠪᠠᠷ ᠲᠠᠷᠢᠶᠠᠴᠢᠳ ᠲᠤ ᠲᠤᠰᠠᠯᠠᠵᠤ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠪᠤᠢ
ᠨᠡᠶᠢᠲᠡᠯᠡᠭᠰᠡᠨ ᠴᠠᠭ᠄
2024/6/11
     ᠬᠠᠪᠤᠷ ᠤᠨ ᠲᠠᠷᠢᠶᠠᠯᠠᠭ᠎ᠠ ᠠᠴᠠ ᠡᠮᠦᠨᠡᠬᠡᠨ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤᠨ ᠤ ᠬᠠᠳᠠ ᠭᠠᠴᠠᠭ᠎ᠠ ᠶᠢᠨ ᠬᠠᠨ ᠣᠪᠣᠭᠲᠤ ︽ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠬᠢᠨ ᠪᠢᠳᠡᠨ ᠤ ᠡᠨᠡᠬᠦ ᠵᠢᠭᠤᠷᠠᠯᠳᠤᠭᠠᠨ ᠢ ᠴᠠᠭ ᠲᠤᠬᠠᠢ ᠳᠤᠨᠢ ᠰᠶᠢᠳᠪᠦᠷᠢᠯᠡᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ︾ ᠭᠡᠵᠤ ᠰᠡᠳᠬᠢᠯ ᠳᠣᠭᠳᠣᠯᠤᠨ ᠶᠠᠷᠢᠵᠤ ᠪᠠᠶᠢᠯ᠎ᠠ᠃      ᠡᠷᠦᠭᠡ ᠪᠠᠷ ᠭᠦᠨᠵᠡᠭᠡᠶᠢᠷᠡᠵᠤ᠂ ᠲᠠᠷᠢᠶᠠᠨ  ᠦᠵᠦᠭᠦᠷ ᠲᠤ ᠬᠦᠷᠴᠦ ᠭᠠᠴᠠᠭ᠎ᠠ ᠲᠣᠰᠬᠤᠨ ᠤ ᠠᠷᠠᠳ ᠲᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ ᠶᠢᠨ ᠬᠠᠮᠳᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠪᠣᠯ  ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠥᠷᠨᠢᠭᠦᠯᠦᠭᠰᠡᠨ ︽ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠵᠦ ᠬᠠᠪᠤᠷ ᠤᠨ ᠲᠠᠷᠢᠶᠠᠯᠠᠭ᠎ᠠ ᠶᠢ  ᠪᠠᠳᠤᠯᠠᠬᠤ︾ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠭᠤᠤᠯ ᠰᠡᠳᠦᠪᠲᠦ ᠠᠵᠢᠯᠯᠠᠭ᠎ᠠ ᠶᠢᠨ ᠠᠮᠢᠳᠤᠯᠢᠭ ᠦᠢᠯᠡᠳᠦᠯᠭᠡ ᠪᠣᠯᠤᠨ᠎ᠠ      ︽ᠣᠳᠣ ᠶᠠᠭ ᠰᠠᠶ᠋ᠢᠬᠠᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠦᠶ᠎ᠡ ᠪᠤᠯᠤᠨ᠎ᠠ᠃ ᠪᠢᠳᠡ ᠵᠥᠷᠢᠴᠡᠯ ᠵᠢᠭᠤᠷᠠᠯᠳᠤᠭᠠᠨ ᠢ ᠰᠢᠢᠳᠪᠤᠷᠢᠯᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠵᠦ ᠬᠠᠪᠤᠷ ᠤᠨ ᠲᠠᠷᠢᠶᠠᠯᠠᠭ᠎ᠠ ᠶᠢ ᠪᠠᠳᠤᠯᠠᠬᠤ ᠠᠵᠢᠯᠯᠠᠭ᠎ᠠ ᠥᠷᠨᠢᠭᠦᠯᠵᠦ᠂ ᠭᠠᠴᠠᠭ᠎ᠠ ᠲᠣᠰᠬᠤᠨ᠂ ᠲᠠᠷᠢᠶᠠᠨ ᠭᠠᠵᠠᠷ ᠢᠶᠠᠷ ᠭᠦᠨᠵᠡᠭᠡᠶᠢᠷᠡᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠤᠷᠢᠯᠡᠯ ᠤᠨ ᠣᠨᠴᠠᠯᠢᠭ ᠢ ᠴᠢᠩᠭ᠎ᠠ ᠠᠳᠬᠤᠨ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠠᠶᠢᠳᠦᠷ ᠠᠩᠬᠠᠷᠴᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠤᠯᠤᠨ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠠᠵᠢᠯ ᠢ ᠥᠷᠨᠢᠭᠦᠯᠵᠦ᠂ ᠬᠠᠤᠯᠢ ᠴᠠᠭᠠᠵᠠ ᠶᠢᠨ ᠬᠦᠴᠦᠨ ᠢᠶᠠᠷ ᠲᠠᠷᠢᠶᠠᠯᠠᠩ ᠢ ᠳᠡᠮᠵᠢᠨ ᠬᠠᠪᠤᠷ ᠤᠨ ᠲᠠᠷᠢᠶᠠᠯᠠᠭ᠎ᠠ ᠶᠢ ᠪᠠᠲᠤᠯᠠᠵᠤ᠂ ᠦᠢᠯᠡᠳᠪᠤᠷᠢᠯᠡᠯ ᠢ ᠠᠬᠢᠭᠤᠯᠤᠨ ᠠᠷᠠᠳ ᠤᠨ ᠠᠮᠢᠳᠤᠷᠠᠯ ᠢ ᠪᠠᠲᠤᠯᠠᠵᠤ ᠪᠠᠶᠢᠨ᠎ᠠ︾ ᠭᠡᠵᠦ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠯᠠᠢ ᡁᠢ ᠭᠤᠸᠠᠩ ᠬᠡᠯᠡᠵᠤ ᠪᠠᠶᠢᠯ᠎ᠠ᠃      ︽ᠥᠩᠭᠡᠷᠡᠭᠰᠡᠨ ᠳᠤ ᠬᠠᠪᠤᠷ ᠤᠨ ᠲᠠᠷᠢᠶᠠᠯᠠᠭ᠎ᠠ ᠤᠯᠠᠷᠢᠯ ᠪᠦᠷᠢ᠂ ᠪᠢᠳᠡ  ᠲᠠᠷᠢᠶᠠᠨ ᠦᠷ᠎ᠡ᠂ ᠲᠠᠷᠢᠶᠠᠯᠠᠩ ᠦᠢᠯᠡᠳᠪᠤᠷᠢᠯᠡᠯ ᠤᠨ ᠬᠡᠷᠡᠭᠰᠡᠯ ᠤᠨ ᠮᠠᠶᠢᠮᠠᠢ ᠶᠢᠨ ᠵᠢᠭᠤᠷᠠᠯᠳᠤᠭᠠᠨ ᠡᠭᠦᠰᠬᠦ ᠠᠴᠠ ᠬᠠᠮᠤᠭ ᠠᠴᠠ ᠠᠶᠤᠳᠠᠭ᠂ ᠣᠲᠣ ᠰᠤᠮᠤ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠰᠠᠨᠠᠭᠠᠴᠢᠯᠠᠭ᠎ᠠ ᠠᠴᠠ ᠪᠠᠨ ᠵᠢᠯᠣᠭᠤᠳᠬᠤ ᠪᠠ ᠬᠡᠷ ᠲᠤ ᠢᠷᠡᠵᠤ ᠦᠢᠯᠡᠴᠢᠯᠡᠬᠦ ᠪᠣᠯᠤᠭᠰᠠᠨ ᠪᠣᠯᠬᠤᠷ ᠪᠢᠳᠡ ᠦᠨᠡᠬᠡᠷ ᠰᠠᠨᠠᠭ᠎ᠠ ᠠᠮᠤᠷ ᠪᠤᠯᠵᠠᠢ︾ ᠭᠡᠵᠦ ᠪᠠᠶ᠋ᠬᠠᠤᠯᠠᠭᠠᠨ ᠰᠤᠮᠤ ᠶᠢᠨ ᠵᠢᠷᠭᠤᠭᠠᠲᠠᠢ ᠭᠠᠴᠠᠭᠠᠨ ᠤ ᠰᠢᠷ᠎ᠠ ᠪᠤᠷᠴᠠᠭ ᠳᠠᠷᠢᠬᠤ ᠡᠷᠦᠬᠡ   ᠶᠢᠨ ᠯᠢ ᡁᠢ ᠵᠢᠶᠦ᠋ᠨ ᠬᠡᠯᠡᠵᠤ ᠪᠠᠶᠢᠯ᠎ᠠ᠃     ᠤᠶᠢᠷ᠎ᠠ ᠳᠤ᠂  ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ︽ᠬᠠᠤᠯᠢ ᠴᠠᠭᠠᠵᠠ ᠶᠢᠨ ᠭᠠᠵᠠᠷ + ᠬᠠᠤᠯᠢᠴᠢ ᠶᠢᠨ ᠭᠠᠵᠠᠷ︾ ᠤᠨ ᠠᠵᠢᠯ ᠤᠨ ᠰᠢᠨ᠎ᠡ ᠵᠠᠭᠪᠤᠷ ᠢ ᠬᠡᠷᠡᠭᠯᠡᠨ᠂ ︽ᠬᠠᠤᠯᠢ ᠪᠠᠷ ᠬᠠᠪᠤᠷ ᠤᠨ ᠲᠠᠷᠢᠶᠠᠯᠠᠭ᠎ᠠ ᠶᠢ ᠳᠡᠮᠵᠢᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠲᠠᠷᠢᠶᠠᠨ ᠤ ᠦᠵᠦᠭᠦᠷ ᠲᠤ ᠲᠠᠳᠠᠨᠠᠷ ᠲᠤ ᠳᠥᠭᠦᠮ ᠤᠶᠢᠯᠠᠭᠠᠮᠵᠢᠲᠠᠢ ᠦᠭᠡ ᠬᠡᠯᠡ ᠪᠠᠷ ᠲᠠᠷᠢᠶᠠᠴᠢᠨ ᠡᠷᠦᠬᠡ ᠳᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠢ ᠢᠯᠭᠠᠨ ᠲᠠᠨᠢᠬᠤ ᠶᠡᠷᠦ ᠶᠢᠨ ᠮᠡᠳᠡᠯᠭᠡ ᠶᠢ ᠤᠬᠠᠭᠤᠯᠤᠨ  ᠲᠠᠶᠢᠯᠪᠤᠷᠢᠯᠠᠵᠤ᠂ ᠲᠠᠷᠢᠶᠠᠴᠢᠨ ᠡᠷᠦᠬᠡ ᠶᠢᠨ ᠵᠢᠩᠬᠢᠨᠢ ᠠᠷᠭ᠎ᠠ ᠵᠠᠮ ᠢᠶᠠᠷ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠪᠠᠭᠠᠵᠢ ᠵᠡᠷᠭᠡ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠶᠢ ᠢᠳᠡᠪᠬᠢᠲᠡᠶ ᠪᠠᠷ ᠲᠠᠶᠢᠴᠢᠯᠠᠨ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠳᠤᠯᠠᠪᠠ᠃ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠭᠠᠯᠠᠬᠤ᠂ ᠭᠠᠵᠠᠷ ᠰᠢᠷᠣᠶ ᠶᠢ ᠳᠠᠭᠠᠭᠠᠴᠢᠯᠠᠭᠤᠯᠬᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠪᠠᠷ ᠤᠬᠠᠭᠤᠯᠵᠤ᠂ ᠲᠠᠷᠢᠶᠠᠴᠢᠨ ᠡᠷᠦᠭᠡ ᠳᠤ ᠴᠢᠬᠢ ᠪᠤᠶᠢᠵᠢᠭᠤᠯᠬᠤ᠂ ᠪᠣᠷᠣᠯᠠᠭᠤᠯᠬᠤ ᠭᠡᠷ᠎ᠡ ᠶᠢ ᠲᠣᠭᠲᠠᠭᠠᠬᠤ ᠪᠠ ᠭᠦᠢᠴᠡᠳᠬᠡᠬᠦ ᠶᠠᠪᠤᠴᠠ ᠳᠠᠬᠢ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠨᠠᠷᠢᠨ ᠲᠠᠶᠢᠯᠪᠤᠷᠢᠯᠡᠵᠤ ᠥᠭᠪᠡ᠃     ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠠᠷᠢᠨ ᠨᠢᠮᠪᠠᠶ ᠲᠥᠯᠥᠪᠯᠡᠵᠦ᠂ ︽ᠤᠯᠠᠮᠵᠢᠯᠠᠯᠲᠤ ᠦᠢᠯᠡᠴᠢᠯᠡᠭᠡ᠂ ᠰᠦᠯᠵᠢᠶᠡᠨ ᠤ ᠦᠢᠯᠡᠴᠢᠯᠡᠭᠡ᠂ ᠭᠡᠷ ᠪᠦᠯᠢ ᠶᠢᠨ ᠦᠢᠯᠡᠴᠢᠯᠡᠭᠡ︾ ᠭᠤᠷᠪᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠠᠷᠭ᠎ᠠ  ᠮᠠᠶ᠋ᠢᠭ ᠢ ᠠᠪᠴᠤ  ᠂ ︽ᠰᠦᠯᠵᠢᠶᠡᠨ ᠭᠠᠳᠠᠨ᠎ᠠ ᠬᠠᠤᠯᠢ ᠲᠦᠭᠡᠮᠡᠯᠵᠢᠭᠦᠯᠬᠦ︾ ᠪᠠ ︽ᠰᠦᠯᠵᠢᠶᠡᠨ ᠳᠡᠭᠡᠷ᠎ᠡ ᠤᠬᠠᠭᠤᠯᠬᠤ︾ ᠶᠢ  ᠬᠠᠮᠳᠤᠪᠠᠷ ᠰᠦᠪᠡᠭᠴᠢᠯᠡᠬᠦ ᠬᠠᠮᠳᠤᠪᠠᠷ ᠠᠬᠢᠭᠤᠯᠬᠤ ᠶᠢ ᠪᠠᠷᠢᠮᠲᠠᠯᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ  ᠨᠡᠶᠢᠳᠡᠯᠡᠵᠤ᠂ ᠬᠠᠤᠯᠢ ᠲᠦᠭᠡᠮᠡᠯᠵᠢᠭᠦᠯᠬᠦ ᠱᠤᠭ ᠵᠢᠷᠤᠭ ᠵᠡᠷᠭᠡ ᠶᠢ ᠵᠣᠬᠢᠶᠠᠵᠤ᠂ ᠡᠯ᠎ᠡ ᠭᠠᠴᠠᠭ᠎ᠠ ᠲᠣᠰᠬᠤᠨ ᠳᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠂  ᠰᠠᠶᠢᠨ ᠲᠤᠷᠠᠴᠣᠣᠯ  ᠤᠨ ᠦᠢᠯᠡᠴᠢᠯᠡᠭᠡ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠶᠢ ᠥᠷᠨᠢᠭᠦᠯᠵᠦ᠂ ᠲᠠᠷᠢᠶᠠᠴᠢᠨ ᠡᠷᠦᠬᠡ ᠳᠤ ᠬᠠᠤᠯᠢᠵᠢᠯ ᠤᠨ ᠦᠢᠯᠡᠴᠢᠯᠡᠭᠡ ᠶᠢ ᠬᠦᠷᠭᠡᠭᠰᠡᠨ ᠪᠠᠶᠢᠨ᠎ᠠ᠃ ᠤᠶᠢᠷ᠎ᠠ ᠳᠤ᠂ ᠪᠠᠶᠠᠨᠭᠤᠤᠯ ᠤᠨ ᠬᠠᠤᠯᠢ ᠴᠠᠭᠠᠵᠠ ᠶᠢᠨ ᠭᠠᠵᠠᠷ ︽ᠬᠠᠪᠤᠷ ᠤᠨ ᠲᠠᠷᠢᠶᠠᠯᠠᠭ᠎ᠠ ᠳᠤ  ᠦᠢᠯᠡᠴᠢᠯᠡᠬᠦ ᠬᠠᠤᠯᠢᠵᠢᠯ ᠤᠨ ᠤᠬᠠᠭᠤᠯᠭ᠎ᠠ︾ ᠶᠢᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠯᠠᠪᠯᠠᠯᠭ᠎ᠠ  ᠳᠤ ᠬᠠᠷᠢᠭᠤᠯᠳᠠ  ᠦᠭᠬᠦ ᠵᠡᠷᠭᠡ ᠬᠡᠯᠪᠡᠷᠢ ᠪᠠᠷ ᠬᠠᠪᠤᠷ ᠤᠨ ᠲᠠᠷᠢᠶᠠᠯᠠᠭ᠎ᠠ ᠶᠢᠨ ᠠᠰᠠᠭᠤᠳᠠᠯ ᠲᠠᠢ ᠬᠤᠯᠪᠣᠭᠳᠠᠬᠤ ᠬᠠᠤᠯᠢ ᠴᠠᠭᠠᠵᠠ ᠶᠢᠨ ᠮᠡᠳᠡᠯᠭᠡ ᠶᠢ ᠥᠷᠭᠡᠨ ᠣᠯᠠᠨ ᠲᠦᠮᠡᠨ ᠳᠤ ᠤᠬᠠᠭᠤᠯᠤᠨ ᠲᠦᠭᠡᠮᠡᠯᠵᠢᠭᠦᠯᠪᠡ᠃         ︽ᠬᠠᠪᠤᠷ ᠤᠷᠤᠭᠰᠠᠨ ᠠᠴᠠ ᠨᠠᠰᠢ᠂ ᠪᠢᠳᠡ ᠡᠷᠤᠭᠡ ᠪᠠᠷ ᠬᠦᠷᠴᠦ ᠶᠠᠷᠢᠯᠴᠠᠬᠤ ᠬᠤᠷᠠᠯ ᠬᠢᠬᠦ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠵᠡᠷᠭᠡ ᠠᠷᠭ᠎ᠠ ᠬᠡᠯᠪᠡᠷᠢ ᠪᠠᠷ ᠭᠤᠣᠯᠳᠠᠯᠭ᠎ᠠ ᠲᠠᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠤᠷᠤᠭ ᠭᠡᠷ ᠪᠦᠯᠢ ᠶᠢᠨ ᠵᠥᠷᠢᠴᠡᠯ᠂ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠵᠡᠷᠭᠡ ᠲᠠᠯ᠎ᠠ ᠪᠠᠷ ᠲᠠᠶᠢᠯᠤᠮᠵᠢ ᠪᠠ ᠤᠬᠠᠭᠤᠯᠭ᠎ᠠ ᠬᠢᠵᠦ᠂ ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠪᠠᠷ ᠤᠯᠠᠨ ᠲᠦᠮᠡᠨ ᠢ  ᠲᠠᠶᠢᠴᠢᠯᠠᠨ ᠵᠢᠯᠣᠭᠤᠳᠴᠤ ᠪᠠᠶᠢᠭᠠᠳ ᠵᠢᠭᠤᠷᠠᠯᠳᠤᠭᠠᠨ ᠢ ᠰᠶᠢᠳᠪᠦᠷᠢᠯᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠪᠡ᠃ ᠣᠳᠣᠬᠠᠨ ᠳᠤ ᠲᠠᠷᠢᠶᠠᠯᠠᠩ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ 28 ᠤᠳᠠᠭ᠎ᠠ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠭᠰᠠᠨ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ  ᠨᠡᠶᠢᠳᠠ 60 ᠭᠠᠷᠤᠶ  ᠪᠠᠶᠢᠴᠠᠭᠠᠨ ᠰᠢᠢᠳᠪᠤᠷᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ  ᠬᠠᠤᠯᠢᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃︾  ︽ᠲᠠᠷᠠᠭᠠᠴᠢ ᠶᠢᠨ ᠠᠯᠬᠤᠮ ᠳᠤ᠂ ᠴᠢᠬᠤᠯᠠ ᠵᠠᠩᠭᠢᠯᠠᠭ᠎ᠠ ᠶᠢᠨ ᠴᠠᠭ ᠦᠶ᠎ᠡ᠂ ᠠᠵᠢᠯ ᠤᠨ ᠠᠷᠭ᠎ᠠ  ᠮᠠᠶ᠋ᠢᠭ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠣᠯᠠᠨ ᠲᠦᠮᠡᠨ ᠳᠤ ᠨᠠᠷᠢᠯᠢᠭ ᠣᠨᠣᠴᠠᠲᠠᠶ ᠬᠠᠤᠯᠢ  ᠴᠠᠭᠠᠵᠠ ᠶᠢᠨ  ᠦᠢᠯᠡᠴᠢᠯᠡᠭᠡ ᠶᠢ ᠦᠷᠭᠦᠯᠵᠢᠯᠡᠨ ᠬᠠᠩᠭᠠᠵᠤ᠂ ᠠᠵᠢᠯ ᠶᠠᠪᠤᠳᠠᠯ ᠰᠢᠢᠳᠪᠤᠷᠢᠯᠡᠬᠦ  ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠤᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠵᠡᠷᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠤᠯᠢᠵᠢᠯ ᠤᠨ ᠬᠥᠳᠡᠯᠭᠡᠭᠴᠢ ᠬᠦᠴᠤᠨ ᠨᠡᠮᠡᠷᠢᠯᠡᠵᠦ᠂ ᠬᠤᠶᠠᠷ ᠶᠡᠭᠡ ᠶᠠᠪᠤᠳᠠᠯ ᠳᠤ ᠪᠥᠬᠦ ᠬᠦᠴᠦᠨ ᠢᠶᠠᠷ ᠢᠶᠠᠨ ᠰᠠᠶᠢᠳᠦᠷ   ᠤᠶᠢᠯᠡᠴᠢᠯᠡᠵᠤ ᠪᠠᠲᠤᠯᠠᠨ᠎ᠠ  ︾ ᠭᠡᠵᠤ ᠯᠠᠶ ᡁᠢ ᠭᠤᠸᠠᠩ ᠬᠡᠯᠡᠪᠡ᠃                                 ᠪᠠᠢ ᠢᠦᠢ ᠯᠢᠶᠠᠩ   ᠭᠥᠸᠧ ᠯᠢ ᠬᠤᠩ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号