ᠦᠨᠳᠦᠰᠦᠨ ᠱᠠᠲᠤᠨ ᠤ ᠲᠠᠷᠤᠭᠠᠰᠦ ᠶᠢ ᠬᠦᠩᠬᠡᠷᠡᠭᠦᠯᠵᠤ ᠬᠠᠷᠢᠭᠤᠴᠠᠯᠭ᠎ᠠ ᠡᠭᠦᠷᠭᠡᠯᠡᠬᠦ ᠳᠤ ᠬᠦᠴᠦᠨ ᠨᠡᠮᠡᠷᠢᠯᠡᠵᠤ ᠪᠠᠶᠢᠭ᠎ᠠ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2024/6/11
    ᠤᠶᠢᠷ᠎ᠠ ᠳᠤ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠬᠥ᠋ ᠮᠢᠶᠣᠣ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠡᠤ ᠶᠤᠸᠠᠢ ᠹᠦ᠋ ᠲᠠᠷᠢᠶᠠᠨ ᠭᠠᠵᠠᠷ ᠢᠶᠠᠷ ᠬᠦᠨᠵᠡᠭᠡᠶᠢᠷᠡᠨ ᠠᠷᠠᠳ ᠤᠨ  ᠪᠠᠶᠢᠳᠠᠯ ᠢ ᠤᠶᠢᠯᠠᠭᠠᠬᠤ᠂ ᠠᠵᠤ ᠠᠬᠤᠶᠢᠯᠠᠯ ᠳᠤ ᠬᠦᠷᠴᠣ ᠪᠣᠳᠤᠯ ᠰᠠᠨᠠᠯ ᠢᠶᠠᠨ ᠰᠣᠯᠢᠯᠴᠠᠬᠤ ᠵᠡᠷᠭᠡ ᠡᠯ᠎ᠡ ᠲᠠᠯ᠎ᠠ ᠶᠢᠨ ᠬᠡᠷᠡᠭᠴᠡᠭᠡ ᠶᠢ ᠤᠶᠢᠯᠠᠭᠠᠨ᠎ᠠ᠃     ︽ᠥᠩᠭᠡᠷᠡᠭᠰᠡᠨ ᠳᠤ᠂ ᠵᠠᠷᠢᠮ ᠲᠣᠰᠬᠤᠨ ᠤ ᠠᠷᠠᠳ ᠬᠤᠰᠢᠭᠤ ᠪᠠᠯᠭᠠᠰᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠴᠦ ᠠᠵᠢᠯ ᠶᠠᠪᠤᠳᠠᠯ ᠭᠦᠢᠴᠡᠳᠭᠡᠬᠦ ᠳᠤ᠂ ᠦᠷᠭᠦᠯᠵᠢ ᠤᠷᠢᠳᠠᠪᠠᠷ ᠲᠣᠰᠬᠤᠨ ᠢ ᠡᠷᠢᠵᠦ ᠭᠡᠷᠡᠴᠢ ᠬᠢᠯᠭᠡᠬᠦ ᠱᠠᠭᠠᠷᠳᠠᠯᠭ᠎ᠠ ᠭᠠᠷᠭᠠᠪᠠ᠂ ᠭᠡᠪᠡᠴᠦ ᠵᠠᠷᠢᠮ ᠭᠡᠷᠡᠴᠢᠯᠡᠬᠦ ᠵᠦᠢᠯᠡᠰ ᠢ ᠪᠢᠳᠡ ᠪᠠᠰᠠ ᠬᠢᠨᠠᠨ ᠬᠠᠷᠭᠤᠭᠤᠯᠬᠤ ᠴᠢᠳᠠᠪᠤᠷᠢ ᠥᠬᠡᠶ᠃ ᠤᠳᠤ ᠲᠣᠰᠬᠤᠨ ᠤ  ᠲᠡᠰ   ᠤᠨ ᠡᠭᠦᠷᠭᠡᠯᠡᠬᠦ ᠳᠤ ᠲᠣᠬᠢᠷᠠᠬᠤ ᠦᠭᠡᠢ 4 ᠵᠦᠢᠯᠡᠰ ᠢ ᠬᠠᠰᠤᠨ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠭᠤᠳ ᠭᠦᠢᠴᠡᠳᠬᠡᠬᠦ ᠵᠦᠢᠯᠡᠰ ᠢ 30 ᠵᠦᠢᠯ ᠪᠠᠶᠢᠭᠰᠠᠨ ᠠᠴᠠ 18 ᠵᠦᠢᠯ ᠪᠣᠯᠭᠠᠨ ᠪᠠᠭᠠᠰᠬᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠢ 70 ᠵᠦᠢᠯ ᠪᠠᠶᠢᠭᠰᠠᠨ ᠠᠴᠠ 22 ᠵᠦᠢᠯ ᠪᠣᠯᠭᠠᠨ ᠪᠠᠭᠠᠰᠬᠠᠵᠤ᠂ ᠡᠨᠡ ᠨᠢ ᠪᠢᠳᠡᠨ ᠳᠤ ᠴᠥᠭᠡᠨ ᠪᠤᠰᠤ ᠳᠠᠷᠤᠭᠠᠰᠤ ᠶᠢ ᠬᠥᠩᠭᠡᠯᠡᠪᠡ︾  ᠭᠡᠵᠤ ᠦ᠋ ᠶᠤᠸᠠᠢ ᠹᠦ᠋ ᠬᠡᠯᠡᠵᠡᠢ᠃ ᠡᠳᠦᠭᠡ᠂ ᠬᠥ᠋ ᠮᠢᠶᠣᠣ ᠲᠣᠰᠬᠤᠨ ᠨᠢᠭᠡᠳᠦᠯᠲᠡᠶ ᠲᠣᠭᠲᠠᠭᠠᠭᠰᠠᠨ ᠫᠠᠶᠢᠰᠠ ᠡᠯᠭᠦᠬᠦ ᠠᠴᠠ ᠭᠠᠳᠠᠨ᠎ᠠ᠂ ︽ᠰᠣᠶᠣᠯ ᠤᠨ ᠠᠵᠢᠯᠯᠠᠭᠠᠨ ᠤ ᠲᠠᠰᠤᠭ᠂ ᠮᠥᠩᠭᠦᠨ ᠭᠦᠢᠯᠭᠡᠭᠡᠨ ᠤ ᠬᠢᠴᠢᠶᠡᠯ ᠤᠨ ᠲᠠᠩᠬᠢᠮ︾ ᠵᠡᠷᠭᠡ ᠬᠤᠭᠤᠰᠣᠨ ᠫᠠᠶᠢᠰᠠ ᠡᠯᠭᠦᠵᠦ᠂ ᠵᠥᠪᠬᠡᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠵᠡᠷᠭᠡ 6 ᠫᠠᠶᠢᠰᠠ ᠶᠢ ᠦᠯᠡᠳᠡᠭᠡᠪᠡ᠃     ᠦᠨᠳᠦᠰᠦᠨ ᠱᠠᠲᠤᠨ ᠤ ᠨᠠᠮ ᠤᠨ ᠪᠠᠶᠢᠭᠤᠯᠤᠯᠳᠠ ᠶᠢᠨ ᠦᠨᠳᠦᠰᠦᠨ ᠱᠠᠲᠤᠨ ᠤ ᠵᠠᠰᠠᠯᠲᠠ ᠶᠢ  ᠲᠠᠶᠢᠴᠢᠯᠠᠨ ᠳᠠᠭᠠᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠬᠦᠯᠬᠦ ᠶᠢᠨ ᠲᠥᠯᠥᠭᠡ᠂ ᠡᠨᠡ ᠵᠢᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠲᠦᠪᠡᠭᠲᠡᠢ ᠠᠰᠠᠭᠤᠳᠠᠯ ᠢ ᠰᠢᠢᠳᠪᠤᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂  ᠰᠢᠯᠢᠳᠡᠭᠵᠢᠭᠦᠯᠦᠨ ᠴᠤᠮᠬᠠᠳᠬᠠᠬᠤ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠵᠦ ᠠᠷᠠᠳ ᠤᠨ ᠲᠥᠯᠥᠭᠡ ᠪᠠᠶᠢᠬᠤ ᠤᠳᠤᠷᠢᠳᠤᠮᠵᠢ ᠶᠢ ᠲᠤᠪᠤᠶᠢᠯᠭᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ  ᠭᠦᠨᠵᠡᠭᠡᠶᠢᠷᠡᠭᠦᠯᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠺᠠᠳ᠋ᠷᠴᠤᠳ ᠢ ᠨᠠᠩ ᠣᠯᠠᠨ ᠣᠶᠤᠨ ᠴᠢᠳᠠᠯ ᠢᠶᠠᠨ ᠠᠵᠢᠯ ᠶᠠᠪᠤᠳᠠᠯ ᠬᠢᠬᠦ᠂ ᠣᠯᠠᠨ ᠲᠦᠮᠡᠨ ᠳᠤ  ᠦᠢᠯᠡᠴᠢᠯᠡᠬᠦ ᠳᠡᠭᠡᠷ᠎ᠡ ᠲᠥᠪᠯᠡᠷᠡᠭᠦᠯᠵᠦ᠂ ᠦᠨᠳᠦᠰᠦᠨ ᠱᠠᠲᠤᠨ ᠳᠤ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ᠂ ᠦᠷ᠎ᠡ ᠪᠦᠲᠦᠮᠵᠢ ᠶᠢ ᠨᠡᠮᠡᠭᠳᠡᠭᠦᠯᠬᠦ ᠪᠠᠷ ᠴᠢᠷᠮᠠᠶᠢᠪᠠ᠃ᠥᠷᠯᠥᠭᠡ  ᠡᠷᠳᠡ᠂ ᠵᠠᠯᠠᠶᠢᠳ ᠬᠤᠰᠢᠭᠤᠨ ᠤ ᠠᠯᠳᠠᠷᠲᠣ ᠰᠤᠮᠤ ᠶᠢ ᠳᠠᠭᠠᠭᠠᠴᠢᠯᠠᠨ ᠬᠤᠯᠪᠣᠭᠠᠯᠠᠭᠰᠠᠨ ᠬᠤᠯᠤᠰᠤᠲᠠᠢ ᠭᠠᠴᠠᠭᠠᠨ ᠤ ᠺᠠᠳ᠋ᠷ ᠵᠤᠤ ᠴᠣᠯᠮᠣᠨ᠂ ᠭᠤᠤᠨᠢ ᠭᠠᠭᠴᠠᠭᠠᠷ ᠰᠠᠭᠤᠭ᠎ᠠ ᠨᠠᠰᠤᠲᠠᠨ ᠾᠧ ᠴᠡᠴᠡᠭ ᠤᠨ ᠭᠡᠷ ᠲᠤ ᠬᠦᠷᠴᠦ ᠂ ᠳᠡᠭᠡᠷ᠎ᠡ  ᠣᠳᠠᠭ᠎ᠠ ᠲᠡᠭᠦᠨ ᠢᠶᠠᠷ ᠣᠷᠣᠯᠠᠨ ᠭᠦᠢᠴᠡᠳᠭᠡᠭᠦᠯᠦᠭᠰᠡᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠦᠨᠡᠮᠯᠡᠯ  ᠢ  ᠨᠠᠰᠤᠳᠠᠨ ᠳᠤ  ᠭᠠᠷᠳᠠᠭᠤᠯᠤᠯ᠎ᠠ᠃ ︽ᠡᠶᠢᠮᠦ ᠲᠦᠷᠭᠡᠨ ᠪᠠᠶᠡᠯᠡᠭᠦᠯᠵᠤ ᠦᠭᠭᠦᠭᠰᠡᠨ ᠳᠤ ᠶᠡᠬᠡᠳᠡ ᠲᠠᠯᠠᠷᠬᠠᠵᠤ ᠪᠠᠶᠢᠨ᠎ᠠ︾ ᠭᠡᠵᠤ ᠾᠧ ᠴᠡᠴᠡᠭ ᠬᠡᠯᠡᠵᠤ ᠪᠠᠶᠢᠯ᠎ᠠ᠃      ᠸᠠᠩ ᠵᠢᠶᠠ ᠹᠧᠩ ᠤᠨ ᠲᠠᠨᠢᠯᠴᠠᠭᠤᠯᠤᠭᠰᠠᠨ ᠢᠶᠠᠷ᠂  ᠵᠠᠯᠠᠶᠢᠳ ᠬᠤᠰᠢᠭᠤ  ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ  ᠪᠠᠶᠢᠭᠤᠯᠬᠤ ᠬᠡᠯᠲᠡᠰ  ᠠᠴᠠ ᠳᠠᠷᠤᠮᠠᠯᠯᠠᠨ ᠲᠠᠷᠬᠠᠭᠠᠭᠰᠠᠨ ︽ᠨᠠᠮ ᠤᠨ  ᠪᠠᠶᠢᠭᠤᠯᠤᠯᠳᠠ ᠪᠠᠷ ᠦᠨᠳᠦᠰᠦᠨ ᠱᠠᠲᠤᠨ ᠤ ᠵᠠᠰᠠᠯᠲᠠ ᠶᠢ  ᠲᠠᠶᠢᠴᠢᠯᠠᠨ ᠳᠠᠭᠠᠭᠤᠯᠬᠤ 16 ᠵᠦᠢᠯ ᠤᠨ ᠠᠷᠭ᠎ᠠ ᠬᠡᠮᠵᠢᠶ᠎ᠡ︾ ᠶᠢ  ᠰᠠᠶᠢᠳᠦᠷ  ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ  ᠲᠤᠲᠤᠷᠬᠠᠶᠢᠯᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ ᠨᠡᠶᠢᠭᠡᠮ ᠲᠣᠭᠤᠷᠢᠭ︶ ᠤ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠢ ᠰᠢᠯᠢᠳᠡᠭᠵᠢᠭᠦᠯᠵᠦ᠂ ᠬᠢᠨᠠᠨ ᠰᠢᠯᠭᠠᠵᠤ ᠱᠠᠯᠠᠪᠳᠠᠭᠤᠯᠤᠨ  ᠪᠠᠶᠢᠴᠠᠭᠠᠬᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠤᠮᠤ ᠰᠢᠶᠠᠩ ᠪᠠᠯᠭᠠᠰᠤᠨ ᠤ ᠡᠷᠬᠡ ᠬᠠᠷᠢᠭᠤᠴᠠᠯᠭ᠎ᠠ ᠶᠢᠨ ᠬᠡᠷᠡᠭ ᠶᠠᠪᠤᠳᠠᠯ ᠢ 265 ᠵᠦᠢᠯ᠂ ᠦᠢᠯᠡᠴᠢᠯᠡᠭᠡᠨ ᠤ ᠬᠡᠷᠡᠭ ᠶᠠᠪᠤᠳᠠᠯ ᠢ 426 ᠵᠦᠢᠯ᠂ ᠪᠥᠬᠦ ᠬᠤᠰᠢᠭᠤᠨ ᠤ ᠴᠢᠨᠠᠷᠲᠠᠶ ᠱᠠᠯᠠᠪᠳᠠᠭᠤᠯᠤᠨ   ᠪᠠᠶᠢᠴᠠᠭᠠᠬᠤ ᠠᠵᠢᠯ ᠢ ᠠᠳᠠᠯᠢ ᠬᠤᠭᠤᠴᠠᠭᠠᠨ ᠤ ᠬᠢ ᠠᠴᠠ 27 ᠵᠦᠢᠯ ᠪᠠᠭᠠᠰᠬᠠᠪᠠ᠃    ᠠᠷᠪᠡᠨᠭᠡᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠶ ᠢᠦᠶ ᠴᠢᠩ᠂ ︽ ᠤᠳᠤ᠂ ᠬᠤᠷᠠᠯ ᠴᠥᠭᠡᠨ ᠪᠤᠯᠵᠠᠢ᠂ ᠲᠡᠭᠡᠭᠰᠢ ᠮᠡᠳᠡᠭᠦᠯᠬᠦ ᠬᠦᠰᠦᠨᠦᠭᠲᠦ ᠮᠠᠲ᠋ᠧᠷᠢᠶᠠᠯ ᠴᠤ ᠴᠥᠭᠡᠨ ᠪᠤᠯᠵᠠᠢ᠂ ᠪᠠᠯᠭᠠᠰᠤᠨ ᠤ ᠺᠠᠳ᠋ᠷ ᠠᠵᠢᠯᠳᠠᠨ ᠤ ᠠᠵᠢᠯ ᠤᠨ ᠢᠳᠡᠪᠬᠢᠵᠢᠯ ᠳᠡᠭᠡᠭᠰᠢᠯᠡᠵᠦ᠂ ᠠᠶᠢᠯ ᠡᠷᠦᠬᠡ ᠪᠠᠷ ᠭᠦᠨᠵᠡᠭᠡᠶᠢᠷᠡᠬᠦ ᠴᠠᠭ ᠲᠠᠢ ᠪᠤᠯᠤᠯ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠶᠢᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠳᠡᠭᠡᠭᠰᠢᠯᠡᠪᠡ︾ ᠭᠡᠵᠤ ᠠᠵᠢᠯ ᠤᠨ ᠲᠤᠬᠠᠶ ᠤᠶᠢᠯᠠᠭᠠᠯᠳᠠ ᠪᠠᠨ ᠲᠠᠨᠢᠯᠴᠠᠭᠤᠯᠵᠤ ᠪᠠᠶᠢᠯ᠎ᠠ᠃     ︽ᠪᠢᠳᠡ ᠡᠭᠦᠷᠭᠡ  ᠴᠢᠳᠠᠪᠬᠢ ᠡᠭᠦᠷᠭᠡ ᠬᠠᠷᠢᠭᠤᠴᠠᠯᠭ᠎ᠠ ᠪᠠ ᠠᠵᠢᠯ ᠤᠨ ᠶᠠᠪᠤᠴᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠬᠤᠶᠠᠷ ᠱᠠᠲᠤᠨ ᠤ ᠵᠣᠬᠢᠶᠠᠨ ᠪᠠᠶᠢᠭᠤᠯᠤᠯᠳᠠ ᠶᠢᠨ ᠠᠵᠢᠯᠯᠠᠭᠠᠨ ᠢ ᠵᠢᠷᠤᠮᠵᠢᠭᠤᠯᠵᠤ᠂ ᠡᠭᠦᠷᠭᠡ ᠬᠠᠷᠢᠭᠤᠴᠠᠯᠭ᠎ᠠ ᠶᠢ ᠤᠯᠠᠮ ᠴᠢᠨᠠᠭᠰᠢᠳᠠ ᠡᠮᠬᠢᠯᠡᠵᠦ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠺᠠᠳ᠋ᠷᠴᠤᠳ  ᠤᠨ ᠨᠡᠩ ᠤᠯᠠᠨ ᠤᠶᠤᠨ ᠴᠢᠳᠠᠯ ᠢᠶᠠᠨ  ᠠᠵᠢᠯ ᠬᠢᠵᠦ᠂ ᠤᠯᠠᠨ ᠲᠦᠮᠡᠨ ᠳᠤ ᠦᠢᠯᠡᠴᠢᠯᠡᠭᠦᠯᠬᠦ  ᠲᠡᠭᠡᠷ᠎ᠡ  ᠲᠦᠪᠯᠡᠷᠡᠭᠦᠯᠵᠤ᠂ ᠬᠤᠶᠠᠷ ᠶᠡᠭᠡ ᠶᠠᠪᠤᠳᠠᠯ ᠢ ᠰᠠᠶᠢᠳᠦᠷ ᠬᠢᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠳᠠ ᠶᠢᠨ ᠪᠠᠲᠤᠯᠠᠭ᠎ᠠ ᠬᠠᠩᠭᠠᠨ᠎ᠠ︾ ᠭᠡᠵᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ  ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠰᠢᠤᠢ ᠳ᠋ᠦᠩ ᠬᠡᠯᠡᠵᠤ ᠪᠠᠶᠢᠯ᠎ᠠ᠃                             ᠪᠠᠢ ᠢᠦᠢ ᠯᠢᠶᠠᠩ  ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号