ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠳᠡᠯᠭᠡᠷᠡᠬᠦᠯᠵᠦ ᠤᠯᠠᠨ ᠲᠦᠮᠡᠨ ᠳᠤ ᠪᠤᠶᠠᠨ ᠦᠢᠯᠡᠳᠤᠨᠡᠮ
ᠨᠡᠶᠢᠲᠡᠯᠡᠭᠰᠡᠨ ᠴᠠᠭ᠄
2024/6/11
     — ᠬᠢᠨᠭ᠍ᠭᠠᠨ ᠠᠶᠢᠮᠠᠬ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠳᠡᠯᠭᠡᠷᠡᠬᠦᠯᠵᠤ ᠰᠢᠨ᠎ᠡ ᠶᠢ ᠡᠬᠦᠳᠦᠭᠰᠡᠨ ᠪᠠ ᠦᠨᠳᠦᠰᠦᠨ ᠱᠠᠲᠤᠨ ᠤ ᠠᠷᠠᠳ ᠲᠤ ᠠᠰᠢᠭ ᠬᠦᠷᠳᠡᠭᠡᠭᠰᠡᠨ ᠳᠤᠬᠠᠢ ᠳᠡᠮᠳᠡᠭᠯᠡᠪᠡ      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠨᠢ ᠭᠦᠨ ᠵᠤᠵᠠᠭᠠᠨ ᠰᠣᠶᠣᠯ ᠤᠨ ᠠᠭᠤᠯᠬᠤᠨ᠂ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ᠂ ᠥᠪᠡᠷᠮᠢᠴᠡ ᠣᠨᠣᠰᠢᠯᠠᠨ ᠡᠮᠨᠡᠬᠦ ᠠᠷᠭ᠎ᠠ ᠪᠠᠷᠢᠯ ᠪᠠ ᠢᠯᠡᠷᠬᠡᠶ ᠡᠮᠴᠢᠯᠡᠭᠡᠨ ᠤ ᠦᠷ᠎ᠠ ᠠᠰᠢᠬ ᠢᠶᠠᠷ ᠢᠶᠠᠨ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃     ᠤᠨᠴᠠᠯᠢᠬᠳᠦ ᠵᠠᠰᠠᠯ ᠨᠢ ᠤᠯᠠᠨ ᠲᠦᠮᠡᠨ ᠤ ᠳᠠᠭᠠᠰᠢᠶᠠᠯ ᠢ ᠤᠯᠤᠨ᠎ᠠ     ︽ᠬᠢᠳᠡᠳ ᠡᠮ ᠤᠤᠭᠤᠭᠠᠳ ᠬᠤᠶᠠᠷᠬᠠᠨ ᠰᠠᠷ᠎ᠠ ᠪᠤᠯᠤᠯ ᠦᠭᠡᠢ ᠪᠠᠷ ᠮᠢᠨᠦ ᠭᠡᠷᠦᠬᠦ ᠡᠪᠡᠳᠴᠢᠨ ᠤ ᠴᠢᠨᠠᠷᠲᠠᠶ ᠦᠶ᠎ᠡ ᠭᠡᠰᠢᠭᠦᠨ ᠤ ᠦᠷᠪᠢᠰᠦᠯ ᠶᠡᠭᠡ ᠪᠠᠷ ᠰᠠᠶᠢᠵᠢᠷᠠᠵᠤ᠂ ᠳᠠᠬᠢᠨ ᠡᠪᠡᠳᠬᠦ ᠶᠢ ᠵᠣᠭᠰᠣᠭᠠᠬᠤ ᠡᠮ ᠳᠤ ᠲᠦᠰᠢᠭᠯᠡᠬᠦ ᠪᠠᠨ ᠪᠤᠯᠤᠯ᠎ᠠ︾ ᠭᠡᠵᠦ ᠲᠦᠴᠢᠦᠸᠠᠨ ᠰᠢᠶᠠᠨ ᠤ ᠲᠠᠷᠢᠶᠠᠴᠢᠨ ᠸᠠᠩ ᠮᠢᠩ ᠴᠧᠩ ᠥᠪᠡᠷ ᠤᠨ ᠡᠪᠡᠳᠴᠢᠨ ᠦᠵᠡᠭᠦᠯᠦᠭᠰᠡᠨ ᠥᠩᠭᠡᠷᠡᠯᠲᠡ ᠪᠠᠨ ᠶᠠᠷᠢᠨ᠎ᠠ᠃     ᠡᠨᠡᠬᠦ ᠦᠨᠳᠦᠰᠤᠨ ᠱᠠᠳᠤᠨ ᠤ ᠤᠯᠠᠨ ᠲᠦᠮᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠨᠭ᠍ᠭᠠᠬᠰᠠᠨ ᠨᠢ ᠮᠠᠨ ᠤ ᠠᠶᠢᠮᠠᠭ ᠦᠨᠳᠦᠰᠦᠨ ᠱᠠᠲᠤᠨ ᠢᠶᠠᠷ ᠭᠦᠨᠵᠡᠭᠡᠶᠢᠷᠡᠭᠰᠡᠨ᠂ ᠪᠥᠬᠦ ᠲᠠᠯ᠎ᠠ ᠶᠢ ᠬᠠᠮᠤᠷᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠬᠰᠠᠨ ᠠᠴᠠ ᠪᠤᠯᠤᠬᠰᠠᠨ ᠶᠤᠮ᠃ ᠮᠠᠨ ᠤ ᠠᠶᠢᠮᠠᠭ ᠤᠨ ᠬᠢᠨ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠪᠠᠷ ᠬᠦᠳᠤᠯᠤᠨ ᠳᠠᠭᠠᠭᠤᠯᠤᠬᠴᠢ ᠪᠤᠯᠭᠠᠨ᠂ ᠡᠯ᠎ᠡ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠵᠤ᠂ ᠡᠯ᠎ᠡ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠲᠠᠰᠤᠭ ᠢᠶᠠᠷ ᠬᠠᠮᠵᠢᠯᠴᠠᠭ᠎ᠠ ᠪᠣᠯᠭᠠᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠦᠢᠯᠡᠴᠢᠯᠡᠭᠡ ᠪᠠᠷ ᠰᠠᠭᠤᠷᠢ ᠪᠣᠯᠭᠠᠵᠤ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠤᠷ ᠢ ᠪᠠᠶᠢᠭᠤᠯᠵᠠᠢ᠃ ᠣᠲᠣᠬᠠᠨ ᠪᠣᠯᠲᠠᠯ᠎ᠠ᠂ ᠪᠥᠬᠦ ᠠᠶᠢᠮᠠᠭ ᠲᠤ ᠨᠢᠭᠡᠨᠲᠡ 102 ᠬᠢᠲᠠᠳ ᠡᠮᠨᠡᠯᠭᠡ ᠶᠢᠨ ᠭᠠᠵᠠᠷ ︵ᠮᠣᠩᠭᠤᠯ ᠡᠮᠨᠡᠯᠭᠡ ᠶᠢᠨ ᠭᠠᠵᠠᠷ︶ ᠭᠠᠷᠴᠦ᠂ ᠪᠦᠷ ᠣᠳᠣᠬᠢᠴᠢᠯᠠᠭᠰᠠᠨ ᠣᠨᠣᠰᠢᠯᠠᠨ ᠡᠮᠨᠡᠬᠦ ᠲᠥᠬᠦᠭᠡᠷᠦᠮᠵᠢ ᠶᠢ ᠳᠣᠭᠢᠷᠠᠭᠤᠯᠪᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢ ᠶᠢᠨ ᠡᠩᠨᠡᠭᠡ ᠶᠢ ᠪᠥᠬᠦ ᠣᠷᠣᠨ ᠪᠦᠰᠡ ᠳᠤ ᠬᠠᠮᠤᠷᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠣᠭᠢᠷᠠᠬᠤ ᠮᠡᠷᠭᠡᠵᠢᠯ ᠢ ᠵᠢᠷᠤᠮᠵᠢᠭᠤᠯᠤᠨ ᠥᠷᠨᠢᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡᠨ ᠢ ᠦᠨᠳᠦᠰᠤᠨ ᠱᠠᠳᠦ ᠪᠦᠬᠦᠨ ᠳᠤ ᠬᠦᠷᠭᠡᠪᠡ᠃     ︽ᠡᠮᠦᠨᠡᠭᠡᠨ᠂ ᠪᠢ ᠣᠯᠠᠨ ᠵᠦᠢᠯ ᠤᠨ ᠵᠠᠰᠠᠯᠳᠠ ᠶᠢᠨ ᠠᠷᠭ᠎ᠠ ᠶᠢ ᠲᠤᠷᠰᠢᠵᠤ ᠦᠵᠡᠭᠰᠡᠨ ᠪᠣᠯᠪᠠᠴᠤ ᠦᠷ᠎ᠡ ᠳ᠋ᠦᠩ ᠮᠦᠨ ᠴᠤ ᠢᠯᠡᠷᠭᠡᠢ ᠪᠢᠰᠢ᠃ ᠪᠤᠰᠤᠳ ᠠᠴᠠ ᠡ᠊ᠨᠳᠡᠬᠢ ᠴᠢᠰᠤ ᠲᠠᠯᠪᠢᠬᠤ ᠵᠠᠰᠠᠯ ᠨᠢ ᠨᠡᠯᠢᠶᠡᠳ ᠰᠠᠶᠢᠨ ᠪᠠᠶᠢᠬᠤ ᠶᠢ ᠤᠯᠵᠦ ᠰᠤᠨᠤᠰᠴᠦ ᠢᠷᠡᠭᠰᠡᠨ ᠶᠤᠮ᠂ ᠭᠡᠳᠦ ᠤᠳᠠᠭᠠᠨ ᠤ ᠡᠮᠴᠢᠯᠡᠭᠡ ᠪᠠᠷ ᠳᠠᠮᠵᠢᠨ ᠡᠪᠡᠳᠴᠢᠨ ᠤ ᠪᠠᠶᠢᠳᠡᠯ ᠢᠯᠡᠷᠭᠡᠢ ᠨᠠᠮᠳᠠᠯ᠎ᠠ︾ ᠭᠡᠵᠦ ᠤᠯᠠᠭᠠᠨᠬᠤᠲᠠ ᠶᠢᠨ ᠭᠡᠭᠡᠨᠰᠦ᠋ᠮ᠎ᠠ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠴᠢᠰᠤ ᠲᠠᠯᠪᠢᠬᠤ ᠵᠠᠰᠠᠯᠭ᠎ᠠ ᠶᠢᠨ ᠠᠰᠢᠬ ᠢ ᠬᠦᠷᠳᠡᠭᠰᠡᠨ ᠸᠠᠩ ᠲᠦᠮᠡᠨᠪᠦ᠋ᠭᠡ ᠶᠠᠷᠢᠨ᠎ᠠ᠃     ᠬᠦᠮᠦᠰ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠤᠨ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠦᠨᠳᠦᠰᠦᠨ ᠱᠠᠲᠤᠨ ᠤ ᠣᠯᠠᠨ ᠲᠦᠮᠡᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠨᠢ ᠴᠤ ᠨᠡᠮᠡᠭᠳᠡᠭᠰᠡᠨ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠬᠢᠩᠭᠠᠨ ᠠᠶᠢᠮᠠᠭ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠡᠷᠢᠭᠦᠨ ᠤ ᠣᠨᠣᠰᠢᠯᠠᠨ ᠡᠮᠨᠡᠬᠦ ᠲᠥᠬᠦᠭᠡᠷᠦᠮᠵᠢ ᠶᠢ ᠬᠡᠷᠡᠭᠯᠡᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠤᠰᠬᠠᠶ ᠮᠡᠷᠭᠡᠵᠢᠯᠲᠡᠨ ᠤ ᠡᠮᠴᠢᠯᠡᠭᠡᠨ ᠤ ᠲᠤᠷᠰᠢᠯᠭ᠎ᠠ ᠪᠠ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠰᠢᠰᠲ᠋ᠧᠮ ᠲᠠᠢ ᠣᠨᠣᠰᠢᠯᠠᠨ ᠡᠮᠨᠡᠬᠦ ᠪᠠᠷᠢᠮᠵᠢᠶ᠎ᠠ ᠶᠢ ᠪᠣᠶ ᠪᠣᠯᠭᠠᠵᠤ᠂ ᠵᠡᠭᠦᠤ ᠬᠠᠳᠬᠤᠬᠤ᠂ ᠲᠥᠭᠡᠨᠡᠬᠦ᠂ ᠴᠢᠰᠤ ᠲᠠᠯᠪᠢᠬᠤ᠂ ᠢᠯᠢᠵᠦ ᠨᠤᠬᠤᠯᠠᠬᠤ᠂ ᠰᠣᠷᠣᠭᠤᠯ ᠲᠠᠯᠪᠢᠬᠤ ᠵᠡᠷᠭᠡ ᠬᠤᠷᠢ ᠭᠠᠷᠤᠶ ᠵᠦᠢᠯ ᠤᠨ ᠤᠨᠴᠠᠯᠢᠭᠳᠤ ᠮᠡᠷᠭᠡᠵᠢᠯ ᠢᠶᠠᠷ ᠣᠯᠠᠨ ᠲᠦᠮᠡᠨ ᠤ ᠠᠩᠬᠠᠷᠤᠯ ᠢ ᠶᠡᠬᠡᠳᠡ ᠲᠠᠲᠠᠵᠤ᠂ ᠨᠠᠩ ᠤᠯᠠᠨ ᠡᠪᠡᠳᠴᠢᠳᠡᠨ ᠳᠤ ᠤᠨᠴᠠᠯᠢᠭᠳᠤ ᠡᠮᠴᠢᠯᠡᠭᠡ ᠪᠠ ᠰᠤᠪᠢᠯᠠᠯᠲᠠ ᠶᠢᠨ ᠦᠢᠯᠡᠴᠢᠯᠡᠭᠡ ᠬᠠᠩᠭᠠᠪᠠ᠃     ᠣᠳᠣᠬᠠᠨ ᠳᠤ᠂ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠪᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠨᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ᠂ ᠦᠯᠦ ᠮᠡᠳᠡᠬᠦ ᠡᠪᠡᠳᠴᠢᠨ ᠢ ᠤᠷᠢᠳᠴᠢᠯᠡᠨ ᠰᠡᠷᠭᠡᠶᠢᠯᠡᠬᠦ ᠲᠦᠪ ᠪᠠ ᠡᠷᠡᠭᠦᠯᠵᠢᠯ ᠤᠨ ᠲᠥᠪ ᠢ ᠵᠢᠷᠤᠮᠵᠢᠭᠤᠯᠤᠨ ᠪᠠᠶᠢᠭᠤᠯᠪᠠ︔ ᠪᠥᠬᠦ ᠠᠶᠢᠮᠠᠭ ᠤᠨ ᠬᠤᠶᠠᠳᠤᠭᠠᠷ ᠳᠡᠰ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠳᠤ ᠦᠯᠦ ᠮᠡᠳᠡᠬᠦ ᠡᠪᠡᠳᠴᠢᠨ ᠢ ᠤᠷᠢᠳᠴᠢᠯᠡᠨ ᠰᠡᠷᠭᠡᠶᠢᠯᠡᠨ ᠵᠠᠰᠠᠬᠤ ᠰᠠᠯᠠᠭ᠎ᠠ ᠵᠢᠴᠢ ᠡᠷᠡᠭᠦᠯᠵᠢᠯ ᠤᠨ ᠰᠠᠯᠠᠭ᠎ᠠ ᠳᠣᠭᠢᠷᠠᠭᠤᠯᠵᠤ᠂ ᠭᠤᠤᠯᠳᠠᠯᠭ᠎ᠠ ᠲᠠᠢ ᠬᠥᠮᠦᠰ᠂ ᠬᠦᠨᠳᠦ ᠶᠡᠭᠡ ᠡᠪᠡᠳᠴᠢᠨ ᠡᠮᠭᠡᠭ ᠪᠠ ᠤᠳᠠᠭᠠᠨ ᠴᠢᠨᠠᠷᠲᠠᠶ ᠡᠪᠡᠳᠴᠢᠲᠡᠨ ᠳᠤ ᠴᠢᠭᠯᠡᠭᠦᠯᠦᠨ᠂ ᠦᠯᠦ ᠮᠡᠳᠡᠬᠦ ᠡᠪᠡᠳᠴᠢᠨ ᠢ ᠤᠷᠢᠳᠴᠢᠯᠡᠨ ᠰᠡᠷᠭᠡᠶᠢᠯᠡᠬᠦ ᠦᠢᠯᠡᠴᠢᠯᠡᠭᠡᠨ ᠤ ᠲᠥᠰᠦᠯ ᠵᠢᠴᠢ ᠣᠨᠴᠠᠯᠢᠭ ᠲᠠᠢ ᠡᠷᠡᠭᠦᠯᠵᠢᠯ ᠤᠨ ᠲᠥᠰᠦᠯ ᠢ ᠲᠣᠭᠲᠠᠭᠠᠵᠤ ᠳᠡᠶᠢᠯᠬᠦ ᠪᠤᠯᠭᠠᠪᠠ᠃     ᠡᠮᠴᠢᠯᠡᠭᠡᠨ ᠤ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠪᠣᠯ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠰᠠᠭᠤᠷᠢ ᠮᠥᠨ     ᠬᠢᠨᠭ᠍ᠭᠠᠨ ᠠᠶᠢᠮᠠᠬ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠬᠢᠳᠠᠳ ᠮᠤᠩᠭᠤᠯ ᠡᠮᠨᠡᠯᠭᠡ ᠶᠢᠨ ᠰᠠᠯᠠᠭ᠎ᠠ ᠶᠢᠨ ᠳᠠᠷᠤᠭ᠎ᠠ ᠯᠢ ᠴᠢᠶᠠᠨ ᠠᠴᠠ ᠤᠶᠢᠯᠠᠭᠠᠬᠰᠠᠨ ᠨᠢ᠄ ᠮᠠᠨ ᠤ ᠠᠶᠢᠮᠠᠭ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠡᠬᠦᠳᠡᠨ ᠠᠴᠠ ︽ᠬᠢᠩᠭᠠᠨ ᠠᠶᠢᠮᠠᠭ ᠤᠨ ᠨᠠᠶᠢᠷᠠᠯᠭ᠎ᠠ ᠶᠢᠨ ᠲᠥᠷᠥᠯ ᠵᠦᠢᠯ ᠤᠨ ᠬᠤᠷᠢᠶᠠᠩᠭᠤᠶᠢᠯᠠᠯ︾᠂ ︽ᠬᠢᠩᠭᠠᠨ ᠠᠶᠢᠮᠠᠭ ᠤᠨ ᠡᠮ ᠤᠨ ᠮᠠᠲ᠋ᠧᠷᠢᠶᠠᠯ ᠢ ᠨᠣᠮᠣᠬᠠᠳᠬᠠᠬᠤ ᠠᠷᠭ᠎ᠠ︾᠂ ︽ᠬᠢᠩᠭᠠᠨ ᠠᠶᠢᠮᠠᠭ ᠤᠨ ᠪᠠᠶᠢᠩᠭᠤ ᠬᠡᠷᠡᠭᠯᠡᠬᠦ ᠵᠣᠷ︾᠂ ︽ᠠᠬᠠᠮᠠᠳ ᠮᠣᠩᠭᠤᠯ ᠡᠮᠴᠢ ᠶᠢᠨ ᠡᠮᠴᠢᠯᠡᠭᠡᠨ ᠤ ᠲᠤᠷᠰᠢᠯᠭ᠎ᠠ ᠶᠢᠨ ᠡᠮᠬᠢᠳᠭᠡᠯ︾ ᠵᠡᠷᠭᠡ ᠶᠢ ᠨᠠᠶᠢᠷᠠᠭᠤᠯᠤᠨ ᠡᠮᠬᠢᠳᠭᠡᠬᠦ ᠶᠢᠨ ᠬᠠᠮᠲᠤ ᠰᠢᠨ᠎ᠡ ᠨᠢᠭᠡ ᠦᠶ᠎ᠡ ᠶᠢᠨ ᠤᠯᠠᠮᠵᠢᠯᠠᠭᠴᠢ ᠶᠢ ᠬᠦᠴᠦᠯᠡᠨ ᠪᠤᠶᠢᠵᠢᠭᠤᠯᠵᠤ ᠪᠤᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠤᠨ᠂ ᠡᠮ ᠡᠮᠨᠡᠯᠭᠡ ᠶᠢᠨ ᠰᠣᠶᠣᠯ ᠤᠨ ᠬᠢᠴᠢᠶᠡᠯ ᠨᠡᠭᠡᠭᠡᠬᠦ ᠪᠠᠷ ᠳᠠᠮᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠤᠨ ᠭᠠᠷ ᠢᠶᠠᠷ ᠢᠶᠠᠨ ᠦᠨᠦᠷᠲᠦ ᠬᠠᠪᠲᠠᠭ᠎ᠠ᠂ ᠭᠤᠷᠪᠠᠨ ᠹᠦ᠋ ᠶᠢᠨ ᠨᠠᠭᠠᠯᠲᠠ ᠬᠢᠯᠭᠡᠵᠦ᠂ ᠤᠯᠠᠮᠵᠢᠯᠠᠯᠲᠤ ᠡᠮ ᠡᠮᠨᠡᠯᠭᠡ ᠶᠢᠨ ᠷᠢᠳᠢ ᠰᠢᠳᠢ ᠶᠢ ᠪᠡᠶᠡᠴᠢᠯᠡᠨ ᠤᠶᠢᠯᠠᠭᠠᠭᠤᠯᠵᠠᠢ᠃ ᠡᠭᠦᠨ ᠠᠴᠠ ᠭᠠᠳᠠᠨ᠎ᠠ᠂ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠢᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠲᠠᠢ ᠬᠤᠯᠪᠤᠭᠠᠯᠠᠨ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠮᠣᠩᠭᠤᠯ ᠡᠮ ᠡᠮᠨᠡᠯᠭᠡ ᠶᠢᠨ ᠰᠣᠶᠣᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠶᠢᠨ ᠬᠠᠮᠲᠤ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠰᠢᠨ᠎ᠡ ᠠᠰᠠᠷ ᠲᠤ ᠮᠣᠩᠭᠤᠯ ᠡᠮ ᠡᠮᠨᠡᠯᠭᠡ ᠶᠢᠨ ᠮᠦᠽᠧᠶ ᠪᠠᠶᠢᠭᠤᠯᠵᠠᠶ᠃     ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠬᠥᠭᠵᠢᠭᠦᠯᠬᠦ ᠳᠤ ᠴᠢᠳᠠᠪᠤᠷᠢᠲᠠᠨ ᠠᠴᠠ ᠰᠠᠯᠵᠤ ᠴᠢᠳᠠᠬᠤ ᠥᠬᠡᠶ ᠶᠤᠮ᠃ ᠥᠨᠳᠥᠷ ᠬᠡᠪ ᠪᠣᠯᠪᠠᠰᠤᠷᠠᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ ︶ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠬᠢᠨ 2023 ᠣᠨ ᠳᠤ ᠥᠪᠡᠷᠲᠡᠭᠡᠨ ᠵᠠᠰᠠᠬᠤ ᠣᠷᠣᠨ ᠤ ᠡᠷᠳᠡᠮ ᠰᠢᠨᠵᠢᠯᠡᠭᠡᠨ ᠤ ᠲᠤᠷᠰᠢᠯᠭ᠎ᠠ ᠶᠢᠨ ᠵᠢᠯᠤᠭᠤᠳᠤᠬᠴᠢ ᠪᠠᠭᠰᠢ 8 ᠬᠥᠮᠦᠨ᠂ ᠵᠠᠯᠭᠠᠮᠵᠢᠯᠠᠭᠴᠢ 16 ᠬᠥᠮᠦᠨ ᠢ ᠭᠤᠶᠤᠴᠢᠯᠠᠨ ᠮᠡᠳᠡᠭᠦᠯᠵᠡᠢ︔ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠵᠠᠯᠭᠠᠭ᠎ᠠ ᠪᠠᠷ ᠪᠠᠭᠰᠢ ᠪᠠᠷᠢᠨ ᠵᠠᠯᠭᠠᠮᠵᠢᠯᠠᠬᠤ ᠠᠵᠢᠯ ᠢ ᠡᠬᠢᠯᠡᠭᠦᠯᠵᠦ ᠂ ᠤᠷᠢᠳ ᠬᠤᠵᠢᠳ ︽ᠳᠣᠯᠣᠳᠤᠭᠠᠷ ᠪᠦᠯᠦᠭ ᠤᠨ ᠪᠥᠬᠦ ᠤᠯᠤᠰ ᠤᠨ ᠠᠬᠠᠮᠠᠳ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠵᠠᠯᠭᠠᠮᠵᠢᠯᠠᠯ ᠤᠨ ᠠᠵᠢᠯ ᠤᠨ ᠲᠠᠰᠤᠭ︾᠂ ︽ᠪᠥᠬᠦ ᠤᠯᠤᠰ ᠤᠨ ᠦᠨᠳᠦᠰᠦᠨ ᠱᠠᠲᠤᠨ ᠤ ᠨᠠᠷᠠᠲᠤ ᠠᠬᠠᠮᠠᠳ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠵᠠᠯᠭᠠᠮᠵᠢᠯᠠᠯ ᠤᠨ ᠠᠵᠢᠯ ᠤᠨ ᠲᠠᠰᠤᠭ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠠᠬᠠᠮᠠᠳ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠵᠠᠯᠭᠠᠮᠵᠢᠯᠠᠯ ᠤᠨ ᠠᠵᠢᠯ ᠤᠨ ᠲᠠᠰᠤᠭ︾ ᠵᠡᠷᠭᠡ ᠪᠠᠭᠰᠢ ᠪᠠᠷᠢᠬᠤ ᠶᠣᠰᠣᠯᠠᠯ ᠢ ᠡᠷᠭᠢᠯᠡᠪᠡ᠃ ᠣᠳᠣᠬᠠᠨ ᠳᠤ᠂ ᠪᠥᠬᠦ ᠠᠶᠢᠮᠠᠭ ᠲᠤ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠮ ᠰᠢᠨᠵᠢᠯᠡᠭᠡᠨ ᠤ ᠲᠤᠷᠰᠢᠯᠭ᠎ᠠ ᠶᠢᠨ ᠵᠠᠯᠭᠠᠮᠵᠢᠯᠠᠭᠴᠢ ᠨᠡᠶᠢᠲᠡ 66 ᠬᠥᠮᠦᠨ ᠪᠠᠶᠢᠨ᠎ᠠ᠃     ᠦᠨᠳᠦᠰᠦᠨ ᠱᠠᠲᠤᠨ ᠤ ᠬᠢᠲᠠᠳ ᠡᠮᠨᠡᠯᠭᠡ ᠶᠢᠨ ᠭᠠᠵᠠᠷ ︵ᠮᠣᠩᠭᠤᠯ ᠡᠮᠨᠡᠯᠭᠡ ᠶᠢᠨ ᠭᠠᠵᠠᠷ︶ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠢᠩᠭᠠᠨ ᠠᠶᠢᠮᠠᠭ ᠤᠨ ᠬᠢᠨ ᠡᠮᠴᠢᠯᠡᠭᠡᠨ ᠤ ᠬᠠᠮᠳᠦ ᠶᠢᠨ ᠴᠣᠭᠴᠠ ᠶᠢᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠭᠰᠡᠨ ᠪᠠᠶᠢᠨ᠎ᠠ᠃ 2024 ᠣᠨ ᠤ 4 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠮᠣᠩᠭᠤᠯ ᠡᠮ ᠡᠮᠨᠡᠯᠭᠡ ᠶᠢᠨ ᠨᠡᠶᠢᠭᠡᠮᠯᠢᠭ ᠤᠨ ︽ᠦᠨᠳᠦᠰᠦᠨ ᠱᠠᠲᠤᠨ ᠤ ᠬᠤᠪᠢᠶᠠᠷᠢ ᠨᠡᠶᠢᠭᠡᠮᠯᠢᠭ︾ ᠪᠠᠶᠢᠭᠤᠯᠤᠬᠳᠠᠵᠦ᠂ ᠪᠥᠬᠦ ᠠᠶᠢᠮᠠᠭ ᠤᠨ 102 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠲᠠᠢ ᠬᠠᠮᠵᠢᠯᠴᠠᠨ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯ ᠤᠨ ᠬᠤᠯᠪᠣᠭ᠎ᠠ ᠶᠢ ᠪᠠᠶᠢᠭᠤᠯᠪᠠ᠃ ᠳᠠᠷᠠᠭᠠᠴᠢ ᠪᠠᠷ ᠳᠡᠷᠡ ᠨᠢ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠷᠭᠡᠵᠢᠯ ᠤᠨ ᠰᠣᠯᠢᠯᠴᠠᠭ᠎ᠠ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠪᠦᠬᠦᠯᠢ ᠴᠣᠭᠴᠠᠲᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠬᠠᠮᠲᠤ ᠪᠠᠷ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠶ ᠰᠠᠯᠠᠭᠠᠨ ᠤ ᠦᠢᠯᠡᠴᠢᠯᠡᠭᠡᠨ ᠤ ᠴᠢᠳᠠᠪᠤᠷᠢ ᠪᠣᠯᠤᠨ ᠪᠠᠴᠢᠮ ᠲᠦᠭᠰᠢᠭᠦᠷᠢᠲᠡᠶ ᠬᠦᠴᠢᠷ ᠲᠦᠪᠡᠭᠲᠡᠶ ᠬᠦᠨᠳᠦ ᠡᠪᠡᠳᠴᠢᠨ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠪᠤᠯᠤᠨ᠎ᠠ᠃
    ᠥᠭᠡᠷᠡᠴᠢᠯᠡᠯᠲᠡ ᠬᠢᠵᠦ ᠰᠢᠨ᠎ᠡ ᠶᠢ ᠡᠬᠦᠳᠬᠦ ᠶᠢ ᠠᠬᠢᠭᠤᠯᠤᠨ᠎ᠠ     ᠣᠶᠢᠷ᠎ᠠ ᠶᠢᠨ ᠵᠢᠯ ᠳᠤ᠂ ᠬᠢᠩᠭᠠᠨ ᠠᠶᠢᠮᠠᠭ ᠤᠨ ᠬᠢᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠰᠠᠯᠠᠭ᠎ᠠ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠥᠪᠡᠷᠮᠢᠴᠡ ᠣᠨᠴᠠᠯᠢᠭ ᠢᠶᠠᠷ ᠢᠯᠡᠷᠬᠡᠶ ᠣᠨᠣᠰᠢᠯᠠᠨ ᠡᠮᠨᠡᠬᠦ ᠮᠡᠷᠭᠡᠵᠢᠯ ᠢ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠬᠦ ᠲᠡᠤᠬᠡᠲᠦ ᠬᠠᠷᠢᠭᠤᠴᠠᠯᠭ᠎ᠠ ᠶᠢ ᠡᠭᠦᠷᠭᠡᠯᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠭᠴᠢ᠂ ᠵᠢᠱᠢᠶᠡᠴᠢ ᠦᠢᠯᠡᠳᠦᠯᠭᠡᠵᠢᠭᠦᠯᠦᠭᠴᠢ ᠪᠠ ᠴᠢᠬᠤᠯᠠ ᠡᠭᠦᠳᠦᠨ ᠪᠦᠲᠦᠭᠡᠭᠴᠢ ᠶᠢ ᠬᠦᠮᠦᠵᠢᠬᠦᠯᠵᠦ᠂ ᠨᠡᠷᠡᠳᠦ ᠳᠡᠮᠳᠡᠭᠴᠢᠯᠡᠬᠦ ᠶᠢ ᠪᠡᠶᠡᠯᠡᠬᠦᠯᠪᠡ᠃ ᠤᠳᠤᠬᠠᠨ ᠳᠤ᠂ 4 ᠤᠯᠤᠰ ᠤᠨ ᠳᠡᠰ ᠤᠨ᠂ 20 ᠦᠪᠡᠷᠳᠡᠭᠡᠨ ᠵᠠᠰᠠᠬᠤ ᠤᠷᠤᠨ ᠤ ᠳᠡᠰ ᠤᠨ᠂ 38 ᠠᠶᠢᠮᠠᠬ ᠤᠨ ᠳᠠᠰ ᠤᠨ ᠭᠤᠤᠯᠳᠠᠯᠭ᠎ᠠ ᠲᠠᠢ ᠥᠪᠡᠷᠮᠢᠴᠡ ᠣᠨᠴᠠᠯᠢᠭ ᠲᠠᠢ ᠲᠤᠰᠬᠠᠶ ᠰᠠᠯᠠᠭ᠎ᠠ ᠪᠤᠢ᠃ ᠡᠭᠦᠨ ᠳᠤ᠂ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠱᠦᠭᠦᠷᠡᠯ ᠤᠨ ᠰᠠᠯᠠᠭ᠎ᠠ ᠨᠢ ᠤᠯᠤᠰ ᠤᠨ ᠲᠠᠰ ᠤᠨ ᠤᠨᠴᠠᠯᠢᠭᠳᠤ ᠳᠠᠪᠠᠭᠤᠯᠢᠭ ᠭᠤᠤᠯᠳᠠᠯᠭ᠎ᠠ ᠲᠠᠢ ᠲᠤᠰᠬᠠᠶ ᠰᠠᠯᠠᠭ᠎ᠠ ᠪᠣᠯᠤᠭᠰᠠᠨ ᠤ ᠬᠤᠪᠢ ᠳᠤ᠂ ᠰᠤᠳᠤᠯᠭᠠᠨ ᠤ ᠰᠡᠳᠦᠪ ᠤᠨ ᠰᠤᠳᠤᠯᠭᠠᠨ ᠤ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠵᠤ᠂ ᠤᠷᠢᠳ ᠬᠤᠵᠢᠳ ᠣᠯᠠᠨ ᠵᠦᠢᠯ ᠤᠨ ᠰᠤᠳᠤᠯᠭᠠᠨ ᠤ ᠰᠡᠳᠦᠪ ᠲᠣᠭᠲᠠᠭᠠᠨ᠂ ᠳᠣᠲᠣᠭᠠᠳᠤ ᠱᠦᠭᠦᠷᠡᠯ ᠤᠨ ᠬᠦᠷᠢᠶᠡᠨ ᠳᠠᠬᠢ ᠣᠯᠠᠨ ᠵᠦᠢᠯ ᠤᠨ ᠰᠤᠳᠤᠯᠭᠠᠨ ᠤ ᠬᠤᠭᠤᠰᠣᠨ ᠢ ᠪᠦᠲᠦᠮᠵᠢᠲᠡᠶ ᠨᠦᠬᠦᠪᠦᠷᠢᠯᠡᠵᠦ᠂ ᠡᠮᠴᠢᠯᠡᠭᠡᠨ ᠳᠤ ᠰᠢᠨᠵᠢᠯᠡᠬᠦ ᠤᠬᠠᠭᠠᠨ ᠤ ᠦᠨᠳᠦᠰᠦᠯᠡᠯ ᠬᠠᠩᠭᠠᠭᠰᠠᠨ ᠪᠠᠶᠢᠨ᠎ᠠ᠃     ᠮᠣᠩᠭᠤᠯ ᠡᠮ ᠡᠮᠨᠡᠯᠭᠡ ᠶᠢᠨ ᠡᠮᠴᠢᠯᠡᠭᠡᠨ ᠡᠷᠡᠭᠦᠯᠵᠢᠯ ᠤᠨ ᠳᠤᠮᠳᠠᠬᠢ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠨᠢ ᠲᠤᠰᠬᠠᠶᠢᠯᠠᠨ ᠬᠡᠷᠡᠭᠴᠡᠭᠡ ᠪᠥᠬᠦᠶ ᠡᠮ ᠨᠠᠶᠢᠷᠠᠬᠤ ᠲᠥᠬᠦᠭᠡᠷᠦᠮᠵᠢ ᠶᠢ ᠳᠣᠭᠢᠷᠠᠭᠤᠯᠵᠤ᠂ ᠡᠮ ᠨᠠᠶᠢᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠳᠤ᠂ ᠪᠥᠬᠦ ᠠᠶᠢᠮᠠᠭ ᠲᠤ ᠨᠡᠶᠢᠲᠡ 3 ᠮᠣᠩᠭᠤᠯ ᠡᠮᠨᠡᠯᠭᠡ ᠶᠢᠨ ᠬᠤᠷᠢᠶ᠎ᠠ ᠳᠤ ᠮᠣᠩᠭᠤᠯ ᠡᠮ ᠨᠠᠶᠢᠷᠠᠬᠤ ᠲᠠᠰᠤᠭ ᠭᠠᠷᠭᠠᠨ ᠡᠪᠡᠳᠴᠢᠲᠡᠨ ᠤ ᠡᠪᠡᠳᠴᠢᠨ ᠤ ᠪᠠᠶᠢᠳᠠᠯ᠂ ᠡᠮ ᠤᠨ ᠰᠢᠨᠵᠢ ᠴᠢᠨᠠᠷ᠂ ᠡᠮ ᠬᠡᠷᠡᠭᠯᠡᠬᠦ ᠣᠷᠣᠨ ᠪᠠᠶᠢᠷᠢ ᠵᠡᠷᠭᠡ ᠶᠢ ᠦᠨᠳᠦᠰᠦᠯᠡᠨ ︽ᠨᠢᠭᠡ ᠬᠦᠮᠦᠨ ᠨᠢᠭᠡ ᠵᠤᠷ︾ ᠶᠢᠨ ᠪᠠᠶᠢᠳᠡᠯ ᠳᠤᠨᠢ ᠳᠤᠬᠢᠷᠠᠭᠤᠯᠤᠨ ᠡᠮ ᠭᠡᠷᠡᠭᠯᠡᠬᠦ ᠶᠢ ᠪᠡᠶᠡᠯᠡᠬᠦᠯᠵᠦ᠂ ᠡᠪᠡᠳᠴᠢᠲᠡᠨ ᠳᠤ ᠥᠪᠡᠷᠮᠢᠴᠡ ᠴᠢᠨᠠᠷᠲᠠᠶ ᠡᠮ ᠤᠨ ᠰᠤᠳᠤᠯᠤᠯ ᠤᠨ ᠦᠢᠯᠡᠴᠢᠯᠡᠭᠡ ᠬᠠᠩᠭᠠᠨ᠂ ᠬᠤᠪᠢᠰᠤᠩᠭᠤᠶ ᠪᠠᠷ ᠡᠮᠨᠡᠨ ᠵᠠᠰᠠᠵᠤ ᠪᠤᠢ᠃ ᠪᠥᠬᠦ ᠠᠶᠢᠮᠠᠭ ᠤᠨ ᠣᠷᠣᠨ ᠪᠦᠰᠡ ᠶᠢᠨ ᠡᠮ ᠨᠠᠶᠢᠷᠠᠬᠤ ᠲᠥᠪ ᠢ ᠪᠠᠰᠠ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ︽ᠰᠢᠨ᠎ᠠ ᠪᠠᠭᠤᠴᠠ︾ ᠶᠢᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠣᠷᠣᠭᠤᠯᠵᠤ᠂ 3300 ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢᠯᠡᠯ ᠤᠨ ᠲᠠᠰᠤᠭ ᠢ ᠪᠠᠶᠢᠭᠤᠯᠬᠤ ᠪᠠᠷ ᠲᠥᠯᠥᠪᠯᠡᠵᠦ ᠪᠣᠶ᠃      ︽ᠣᠶᠢᠷ᠎ᠠ ᠶᠢᠨ ᠵᠢᠯ ᠤᠳ ᠲᠤ᠂ ᠪᠢᠳᠡ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠶᠡᠷᠦᠩᠬᠡᠶ ᠰᠠᠯᠠᠭᠠᠨ ᠤ ᠦᠢᠯᠡᠴᠢᠯᠡᠭᠡᠨ ᠤ ᠵᠠᠭᠪᠤᠷ ᠢ ᠬᠦᠴᠦᠯᠡᠨ ᠪᠣᠶ ᠪᠣᠯᠭᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠦᠷᠢᠶ᠎ᠡ ᠶᠢ ᠲᠠᠰᠤᠷᠠᠯᠲᠠ ᠥᠬᠡᠶ ᠥᠷᠭᠡᠳᠭᠡᠪᠡ᠃ ᠬᠢᠲᠠᠳ ᠡᠮᠨᠡᠯᠭᠡ ᠶᠢᠨ ᠭᠠᠵᠠᠷ ︵ᠮᠣᠩᠭᠤᠯ ᠡᠮᠨᠡᠯᠭᠡ ᠶᠢᠨ ᠭᠠᠵᠠᠷ︶ ᠨᠢ ᠡᠮᠴᠢᠯᠡᠭᠡᠨ ᠤ ᠣᠨᠣᠰᠢᠯᠠᠨ ᠡᠮᠨᠡᠬᠦ ᠪᠠ ᠤᠷᠢᠳᠴᠢᠯᠡᠨ ᠰᠡᠷᠭᠡᠶᠢᠯᠡᠨ ᠵᠠᠰᠠᠬᠤ ᠣᠨᠣᠯᠵᠢᠬᠤᠨ ᠢ ᠤᠶᠠᠯᠳᠤᠭᠤᠯᠤᠨ᠂ ᠲᠣᠭᠤᠷᠢᠨ ᠡᠮᠴᠢᠯᠡᠬᠦ ᠦᠢᠯᠡᠴᠢᠯᠡᠭᠡᠨ ᠤ ᠠᠷᠭ᠎ᠠ ᠮᠠᠶ᠋ᠢᠭ ᠢ ᠦᠷᠭᠦᠯᠵᠢᠯᠡᠨ ᠰᠦᠪᠡᠭᠴᠢᠯᠡᠵᠦ᠂ ᠬᠡᠤᠬᠡᠳ᠂ ᠨᠠᠰᠤᠲᠠᠶᠢᠴᠤᠳ᠂ ᠵᠢᠷᠮᠦᠰᠦᠯᠡᠭᠰᠡᠨ ᠪᠦᠰᠡᠬᠦᠢ ᠪᠠ ᠬᠥᠩᠭᠡᠵᠢᠭᠰᠡᠨ ᠡᠮᠡᠭᠲᠡᠶ ᠵᠢᠴᠢ ᠤᠳᠠᠭᠠᠨ ᠴᠢᠨᠠᠷᠲᠠᠶ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠥᠬᠦ ᠦᠶᠡᠯᠡᠯ ᠤᠨ ᠬᠤᠭᠤᠴᠠᠭᠠᠨ ᠤ ᠪᠥᠬᠦ ᠲᠠᠯ᠎ᠠ ᠶᠢᠨ ᠡᠮᠴᠢᠯᠡᠭᠡᠨ ᠤ ᠦᠢᠯᠡᠴᠢᠯᠡᠭᠡ ᠶᠢ ᠥᠷᠨᠢᠭᠦᠯᠦᠨ᠎ᠡ︾ ᠭᠡᠵᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ ᡁᠢ ᠰᠢᠨ ᠭᠡᠯᠡᠨ᠎ᠠ᠃ ᠪᠥᠬᠦ ᠠᠶᠢᠮᠠᠭ ᠤᠨ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭ᠎ᠠ ᠶᠢ ᠦᠷᠭᠦᠯᠵᠢᠯᠡᠨ ᠢᠳᠡᠪᠬᠢᠲᠡᠶ ᠠᠬᠢᠭᠤᠯᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠰᠢᠯᠢᠳᠡᠭᠵᠢᠬᠦᠯᠤᠨ᠂ ᠡᠪᠡᠳᠴᠢᠨ ᠦᠵᠡᠭᠦᠯᠬᠦ ᠲᠥᠷᠥᠭᠳᠡᠯ ᠢ ᠰᠠᠶᠢᠵᠢᠷᠠᠭᠤᠯᠤᠨ ᠡᠪᠡᠳᠴᠢᠲᠡᠨ ᠤ ᠣᠶᠢᠯᠠᠭᠠᠯᠲᠠ ᠶᠢ ᠳᠡᠭᠡᠭᠰᠢᠯᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠠᠵᠢᠯᠲᠠᠨ ᠤ ᠲᠣᠬᠢᠷᠠᠭᠤᠯᠤᠯᠲᠠ᠂ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠠ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠎ᠠ᠃
                            ᡁᠢ ᠮᠢᠨ   ᠰᠤ᠋ ᠺᠦᠨ  ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号